ᠠᠵᠦ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ  ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ  — ᠤᠯᠤᠰ ᠤᠨ ᠨᠢᠭᠡᠳᠦᠯᠲᠡᠶ ᠨᠠᠶᠢᠷᠠᠭᠤᠯᠬᠤ ᠵᠢᠭᠠᠬᠤ ᠮᠠᠲ᠋ᠧᠷᠢᠶᠠᠯ ᠤᠨ ᠬᠡᠷᠡᠭᠵᠢᠭᠦᠯᠬᠦ ᠲᠥᠰᠦᠯ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2020/9/14
      ᠶᠡᠷᠦᠩᠬᠡᠢ ᠱᠦᠵᠢ ᠰᠢ ᠶᠢᠨ ᠫᠢᠩ᠂ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠤᠳᠤᠯᠭ᠎ᠠ᠂ ᠨᠠᠮ ᠤᠨ ᠶᠡᠭᠡ ᠪᠤᠳᠤᠯᠭ ᠎ᠠ ᠮᠥᠨ᠃ 9 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠵᠢᠭᠦᠯᠬᠦ ᠲᠥᠰᠦᠯ ᠤᠨ ᠲᠥᠷᠥ ᠶᠢᠨ ᠪᠣᠳᠣᠯᠭ᠎ᠠ ᠶᠢ ᠲᠠᠶᠢᠯᠤᠮᠵᠢ ᠬᠢᠪᠠ᠃
       ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯ ᠤᠯᠤᠰ ᠤᠨ ᠳᠡᠰ᠂ ᠥᠨᠳᠥᠷ ᠬᠢᠷᠢ ᠲᠦᠪᠰᠢᠨ᠂ ᠡᠷᠬᠡ ᠰᠦᠷᠲᠦ ᠴᠢᠨᠠᠷᠲᠠᠢ ᠵᠢᠭᠠᠬᠤ ᠮᠠᠲ᠋ᠧᠷᠢᠶᠠᠯ ᠪᠣᠯᠤᠨ᠎ᠠ᠃ ᠲᠥᠪ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠥᠷ ᠮᠣᠩᠭᠤᠯ᠂ ᠭᠠᠨᠰᠦ ᠵᠡᠷᠭᠡ 6 ᠮᠤᠵᠢ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠡᠨᠡ ᠵᠢᠯ ᠤᠨ ᠨᠠᠮᠤᠷ ᠠᠴᠠ ᠡᠬᠢᠯᠡᠨ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ  ᠢ ᠬᠡᠷᠡᠭᠯᠡᠵᠡᠶ᠃ ᠮᠠᠨ ᠤ ᠣᠷᠣᠨ ᠬᠡᠯᠡ ᠪᠢᠴᠢᠭ᠂ ᠤᠯᠤᠰ ᠲᠥᠷᠥ᠂ ᠲᠡᠤᠬᠡ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠭᠤᠷᠪᠠᠨ ᠵᠢᠯ ᠬᠤᠪᠢᠶᠠᠨ ᠠᠯᠬᠤᠮ ᠠᠯᠬᠤᠮ ᠢᠶᠠᠷ ᠬᠡᠷᠡᠭᠵᠢᠭᠦᠯᠵᠦ᠂ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃      ᠶᠠᠨ ᠫᠧᠩ ᠢᠦᠶ ᠵᠢᠭᠠᠵᠤ ᠭᠠᠷᠭᠠᠭᠰᠠᠨ ᠨᠢ᠄ ᠪᠦᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ ᠪᠤᠰᠤᠳ ᠬᠢᠴᠢᠶᠡᠯ ᠲᠥᠷᠥᠯ ᠤᠨ ᠬᠢᠴᠢᠶᠡᠯ ᠢ ᠬᠤᠪᠢᠷᠠᠭᠤᠯᠬᠤ ᠦᠭᠡᠢ᠂ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ ᠬᠤᠪᠢᠷᠠᠬᠤ ᠦᠭᠡᠢ᠂ ᠬᠢᠴᠢᠶᠡᠯᠯᠡᠬᠦ ᠦᠭᠡ ᠬᠡᠯᠡ ᠦᠰᠦᠭ ᠪᠢᠴᠢᠭ ᠢ ᠬᠤᠪᠢᠷᠠᠭᠤᠯᠬᠤ ᠦᠭᠡᠢ᠂ ᠮᠣᠩᠭᠤᠯ ᠬᠡᠯᠡ ᠪᠢᠴᠢᠭ᠂ ᠰᠣᠯᠣᠩᠭᠤᠰ ᠬᠡᠯᠡ ᠪᠢᠴᠢᠭ ᠤᠨ ᠬᠢᠴᠢᠶᠡᠯ ᠢ ᠬᠤᠪᠢᠷᠠᠭᠤᠯᠬᠤ ᠦᠭᠡᠢ᠂ ᠤᠳᠤ ᠪᠠᠶᠢᠭ᠎ᠠ ᠬᠤᠣᠰ ᠬᠡᠯᠡᠨ ᠤ ᠰᠤᠷᠭᠠᠨ ᠬᠥᠮᠦᠵᠢᠯ ᠤᠨ ᠰᠢᠰᠲ᠋ᠧᠮ ᠢ ᠬᠤᠪᠢᠷᠠᠭᠤᠯᠬᠤ ᠦᠭᠡᠢ᠃      ᠶᠠᠨ ᠫᠧᠩ ᠢᠦᠶ ᠴᠢᠬᠤᠯᠠᠴᠢᠯᠠᠭᠰᠠᠨ ᠨᠢ᠂ ᠨᠢᠭᠡ ᠳᠤ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠣᠯ ᠨᠠᠮ ᠪᠠ ᠵᠠᠰᠠᠭ ᠤᠨ ᠣ‌‍ᠷᠳᠣᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠮᠥᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ  ᠶᠢ ᠡᠷᠡᠰ ᠬᠦᠷᠢᠶᠡᠯᠡᠬᠦ ᠬᠡᠷᠡᠭᠲᠡᠶ᠃ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︔ ᠬᠤᠶᠠᠷ ᠲᠤ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠤᠰᠤᠳᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠃ ᠡᠯ᠎ᠡ ᠴᠥᠭᠡᠨ ᠲᠣᠭᠠᠲᠤ ᠦᠨᠳᠦᠰᠦᠲᠡᠨ ᠬᠤᠭᠤᠷᠣᠨᠳᠣ ᠪᠠᠨ ᠪᠠᠰᠠ ᠰᠠᠯᠵᠤ ᠴᠢᠳᠠᠬᠤ ᠦᠭᠡᠢ᠂ ︽ᠬᠡᠯᠡ ᠪᠢᠴᠢᠭ︾ ᠢ ᠨᠢᠭᠡᠳᠤᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ ᠰᠠᠶᠢᠲᠤᠷ ᠰᠤᠷᠴᠤ᠂ ᠰᠠᠶᠢᠲᠤᠷ ᠬᠡᠷᠡᠭᠯᠡᠵᠦ᠂ ᠨᠠᠩ ᠰᠠᠶᠢᠨ ᠠᠵᠢᠯ ᠣᠯᠭᠤᠯᠲᠠ ᠨᠡᠶᠢᠭᠡᠮ ᠳᠤ ᠠᠭᠤᠰᠤᠯᠴᠠᠬᠤ ᠳᠤ ᠠᠰᠢᠭᠲᠠᠶ︔ ᠭᠤᠷᠪᠠ ᠳᠤ ᠵᠢᠭᠠᠬᠤ ᠮᠠᠲ᠋ᠧᠷᠢᠶᠠᠯ ᠤᠨ ᠬᠡᠷᠡᠭᠵᠢᠭᠦᠯᠬᠦ ᠲᠥᠰᠦᠯ ᠢ ᠵᠥᠪ ᠣᠨᠣᠪᠴᠢᠲᠠᠶ ᠣᠶᠢᠯᠠᠭᠠᠵᠤ᠂ ᠵᠥᠪ ᠤᠶᠢᠯᠭᠠᠭᠰᠠᠨ ᠰᠠᠭᠤᠷᠢᠨ ᠳᠡᠭᠡᠷ᠎ᠡ᠂ ᠳᠡᠷᠭᠡᠳᠡᠬᠢ ᠬᠥᠮᠦᠰ ᠢᠶᠠᠨ ᠰᠠᠶᠢᠲᠤᠷ ᠰᠤᠷᠭᠠᠨ ᠬᠥᠮᠦᠵᠢᠭᠦᠯᠵᠦ᠂ ᠬᠡᠤᠬᠡᠳ ᠤᠨ ᠰᠢᠯᠢᠳᠡᠭ ᠬᠥᠭᠵᠢᠯᠲᠡ ᠶᠢᠨ ᠲᠥᠯᠥᠭᠡ ᠬᠠᠮᠲᠤ ᠪᠠᠷ ᠴᠢᠷᠮᠠᠶᠢᠬᠤ ᠶᠢ ᠬᠥᠲᠥᠯᠥᠨ ᠵᠢᠯᠣᠭᠤᠳᠤᠨ᠎ᠠ︕                       ᠬᠠᠷᠢᠭᠤᠴᠠᠨ ᠨᠠᠶᠢᠷᠠᠭᠤᠯᠤᠭᠴᠢ᠄ ᠴᠠᠬᠠᠷ ᠪᠠᠷᠠᠭᠤᠨ ᠭᠠᠷᠤᠨ                       ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ                       ᠵᠣᠬᠢᠶᠠᠭᠴᠢ᠄ ᠳ᠋ᠦᠩ ᠵᠢᠤᠸᠠᠨ                       ᠤᠷᠴᠢᠭᠤᠯᠤᠭᠴᠢ᠄ ᠬᠠᠶᠢᠷᠬᠠᠨ
 
ᠢᠷᠡᠯᠲᠡ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号