ᠯᠢ ᠶᠢᠦ ᠹᠦ᠋ ᠪᠣᠯ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳ᠋ᠠ ᠲᠠᠨ ᠰᠢᠶᠠᠩ ᠤᠨ ᠪᠠᠶ ᠳ᠋ᠤᠤ | ᠯᠢᠶᠠᠩ ᠵᠠᠰᠠᠭ ᠵᠠᠬᠢᠷᠭᠠᠨ ᠤ ᠲᠣᠰᠬᠤᠨ ᠤ ᠠᠷᠠᠳ ᠪᠤᠯᠤᠨ᠎ᠠ᠂ ᠲᠣᠰᠬᠤᠨ ᠳᠤ ᠢᠷᠡᠬᠦ ᠠᠴᠠ ᠡᠮᠦᠨ᠎ᠡ ᠵᠢᠯ ᠲᠤᠷᠰᠢ | ᠭᠠᠳᠠᠭᠰᠢ ᠬᠥᠯᠥᠰᠥᠨ ᠠᠵᠢᠯ ᠭᠢᠳᠡᠭ ᠴᠦ ᠣᠷᠣᠯᠭ᠎ᠠ ᠨᠢ ᠮᠠᠰᠢ ᠪᠠᠭ᠎ᠠ ᠪᠠᠶᠢᠵᠠᠢ᠂ ᠲᠡᠭᠡᠭᠡᠳ ᠲᠣᠰᠬᠤᠨ ᠳᠠᠭᠠᠨ | ᠬᠠᠷᠢᠵᠦ ᠢᠷᠡᠭᠰᠡᠨ ᠤ ᠪᠠᠨ ᠳᠠᠷᠠᠭ᠎ᠠ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠥᠪᠡᠷ ᠤᠨ ᠴᠢᠷᠮᠠᠶᠢᠯᠭ᠎ᠠ ᠪᠠᠷ᠂ | ᠶᠠᠳᠠᠭᠤ ᠬᠦᠴᠢᠷᠳᠡᠯᠲᠡᠢ ᠳᠦᠷᠰᠦ ᠪᠠᠶᠢᠳᠠᠯ ᠪᠠᠨ ᠬᠤᠪᠢᠷᠠᠭᠤᠯᠬᠤ ᠪᠠᠷ ᠵᠣᠷᠢᠭ ᠰᠢᠭᠤᠳᠴᠤ᠂ ᠬᠡᠳᠦᠨ ᠵᠢᠯ ᠤᠨ | ᠲᠡᠮᠡᠴᠡᠯ ᠢᠶᠠᠷ ᠳᠠᠮᠵᠢᠨ ᠡᠴᠦᠰ ᠲᠡᠭᠡᠨ ᠵᠣᠯ ᠵᠢᠷᠭᠠᠯᠲᠤ ᠠᠮᠢᠳᠤᠷᠠᠯ ᠢ ᠥᠩᠭᠡᠷᠡᠭᠦᠯᠪᠡ᠃ | | | | | ᠯᠢ ᠶᠢᠦ ᠹᠦ᠋ 2016 ᠣᠨ ᠳᠤ ᠳᠠᠩᠰᠠ ᠡᠪᠬᠡᠮᠡᠯ ᠪᠠᠶᠢᠭᠤᠯᠵᠦ ᠺᠠᠷᠲᠯᠠᠭᠳᠠᠭᠰᠠᠨ ᠶᠠᠳᠠᠭᠤ ᠬᠦᠴᠢᠷᠳᠡᠯᠲᠡᠶ | ᠡᠷᠦᠬᠡ ᠪᠠᠷ ᠢᠯᠭᠠᠨ ᠲᠠᠨᠢᠭᠳᠠᠵᠤ᠂ ᠵᠥᠪᠬᠡᠨ ᠬᠤᠶᠠᠷ ᠵᠢᠯ ᠤᠨ ᠲᠤᠳᠤᠷ᠎ᠠ᠂ ᠤᠯᠤᠰ ᠤᠨ ᠲᠥᠷᠥ ᠶᠢᠨ | ᠪᠣᠳᠣᠯᠭ᠎ᠠ ᠶᠢᠨ ᠳᠡᠮᠵᠢᠯᠭᠡ ᠳᠣᠣᠷ᠎ᠠ᠂ ᠯᠢ ᠶᠢᠦ ᠹᠦ᠋ ᠨᠠᠰᠤᠳᠠᠨ ᠡᠮᠡᠭᠡᠨ ᠲᠠᠢ ᠪᠠᠨ ᠲᠠᠬᠢᠶ᠎ᠠ᠂ ᠭᠠᠭ᠋ᠠᠶ᠂ ᠦᠬᠡᠷ᠂ | ᠬᠤᠨᠢ ᠲᠡᠵᠢᠭᠡᠬᠦ ᠵᠡᠷᠭᠡ ᠪᠠᠷ ᠶᠠᠳᠠᠭᠤ ᠠᠴᠠ ᠪᠠᠨ ᠠᠭᠠᠵᠢᠮ ᠢᠶᠠᠷ ᠰᠠᠯᠵᠤ ᠪᠠᠶᠠᠵᠢᠨ ᠴᠢᠨᠡᠭᠡᠯᠢᠭᠵᠢᠬᠦ ᠭᠦᠰᠡᠯ ᠢᠶᠠᠨ | ᠪᠡᠶᠡᠯᠡᠭᠦᠯᠵᠦ᠂ ︽ᠬᠦᠯᠢᠶᠡᠬᠦ ᠦᠭᠡᠢ ᠲᠦᠰᠢᠬᠦ ᠦᠭᠡᠢ ᠠᠪᠬᠤ ᠦᠭᠡᠢ︾ ᠪᠠᠶᠢᠬᠤ ᠶᠢ ᠦᠨᠡᠨᠬᠦ ᠪᠡᠶᠡᠯᠡᠭᠦᠯᠵᠦ | ᠴᠢᠳᠠᠭᠰᠠᠨ ᠪᠠᠶᠢᠨ᠎ᠠ᠂ ᠯᠢ ᠶᠢᠦ ᠹᠦ᠋ ᠶᠢᠨ ᠦᠵᠡᠬᠦ ᠪᠠᠷ᠂ ᠲᠡᠭᠦᠨ ᠤ ᠬᠠᠮᠤᠭ ᠤᠨ ᠵᠣᠪᠠᠭᠤᠷᠢᠲᠠᠢ ᠡᠳᠦᠷ | ᠬᠤᠨᠤᠭ ᠤᠳ ᠨᠢᠭᠡᠨᠲᠡ ᠥᠩᠭᠡᠷᠡᠵᠦ᠂ ᠶᠠᠳᠠᠭᠤ ᠠᠴᠠ ᠠᠩᠭᠢᠵᠢᠷᠠᠭᠰᠠᠨ ᠤ ᠳᠠᠷᠠᠭᠠᠬᠢ ᠠᠮᠢᠳᠤᠷᠠᠯ ᠰᠠᠶ᠋ᠢ ᠡᠬᠢᠯᠡᠵᠦ | ᠪᠠᠶᠢᠨ᠎ᠠ ᠭᠡᠨ᠎ᠡ᠃ | | | | | ᠯᠢ ᠶᠢᠦ ᠹᠦ᠋ ᠶᠢᠨ ᠭᠡᠷ ᠤᠶᠢᠷᠠᠳᠴᠤ ᠡᠭᠦᠳᠡ ᠪᠠᠷ ᠣᠷᠣᠮᠡᠩᠴᠡ ᠨᠢᠭᠡ ᠮᠥᠷ ᠮᠦᠷ ᠲᠠᠷᠢ ᠲᠡᠭᠰᠢ ᠭᠡᠷ | ᠪᠠᠶᠢᠰᠢᠩ ᠪᠣᠯᠤᠨ ᠬᠡᠳᠦᠨ ᠮᠠᠯ ᠲᠡᠵᠢᠭᠡᠬᠦ ᠬᠠᠰᠢᠶ᠎ᠠ ᠰᠠᠷᠠᠪᠴᠢ ᠤᠳ ᠬᠠᠷᠠᠭᠳᠠᠨ᠎ᠠ᠃ ᠯᠢ ᠶᠢᠦ ᠹᠦ᠋ ᠮᠠᠨ ᠳᠤ 〈 ᠪᠢ | ᠰᠠᠶ᠋ᠢ ᠢᠷᠡᠬᠦ ᠣᠶᠶ᠎ᠠ ᠳᠤ᠂ ᠭᠠᠵᠠᠷ ᠰᠢᠷᠣᠶ ᠦᠭᠡᠢ᠂ ᠬᠠᠰᠢᠶ᠎ᠠ ᠰᠠᠷᠠᠪᠴᠢ ᠦᠭᠡᠢ᠂ ᠣᠷᠣᠯᠭ᠎ᠠ ᠴᠦ ᠦᠭᠡᠢ ᠪᠠᠶᠢᠯ᠎ᠠ | ᠂ ᠴᠤᠬᠤᠮ ᠴᠦ ︽ ᠶᠠᠭᠤ ᠴᠦ ᠦᠭᠡᠢ ᠭᠦᠮᠤᠨ︾ ᠪᠠᠶᠢᠭᠰᠠᠨ ᠰᠢᠦ ᠭᠡᠵᠦ ᠤᠤᠯ ᠪᠠᠨ ᠡᠷᠭᠢᠴᠡᠭᠦᠯᠦᠨ ᠶᠠᠷᠢᠨ᠎ᠠ᠂ | ᠲᠡᠭᠡᠳᠤ ᠱᠠᠲᠤᠨ ᠤ ᠰᠠᠯᠠᠭ᠎ᠠ ᠮᠥᠴᠢᠷ ᠤᠨ ᠬᠠᠪᠰᠤᠷᠤᠨ ᠲᠡᠳᠬᠦᠬᠦ ᠪᠠ ᠥᠪᠡᠷ ᠤᠨ ᠴᠢᠷᠮᠠᠶᠢᠯᠭ᠎ᠠ ᠪᠠᠷ ᠢᠶᠠᠨ | ᠳᠠᠮᠵᠢᠨ᠂ ᠲᠠᠷᠢᠵᠤ ᠲᠡᠵᠢᠭᠡᠬᠦ ᠠᠵᠢᠯ ᠡᠬᠢᠯᠡᠨ ᠬᠥᠭᠵᠢᠵᠦ᠂ ᠡᠳᠦᠷ ᠠᠴᠠ ᠡᠳᠦᠷ ᠰᠠᠶᠢᠵᠢᠷᠠᠭᠰᠠᠨ ᠰᠢᠦ ᠭᠡᠵᠦ ᠯᠢ | ᠶᠢᠦ ᠹᠦ᠋ ᠡᠮᠡᠭᠡᠨ ᠲᠠᠢ ᠪᠠᠨ ᠬᠤᠶᠠᠭᠤᠯᠨ ᠪᠠᠶᠠᠷᠳᠠᠶᠢᠬᠠᠨ ᠢᠨᠢᠶᠡᠵᠦ ᠪᠠᠶᠢᠯ᠎ᠠ᠃ | | | | | | | | 《 ᠪᠢ ᠥᠪᠡᠷ ᠢᠶᠠᠨ ᠭᠦᠨ ᠭᠦᠨᠵᠡᠭᠡᠶ ᠪᠦᠭᠡᠳ ᠨᠠᠷᠢᠨ ᠨᠢᠮᠪᠠᠶ ᠰᠤᠷᠤᠯᠴᠠᠵᠦ᠂ ᠤᠨᠢᠨ ᠲᠡᠭᠡᠷ᠎ᠡ ᠨᠢ | ᠶᠠᠳᠠᠭᠤ ᠶᠢ ᠲᠡᠳᠬᠦᠬᠦ ᠵᠣᠷᠢᠭ ᠰᠠᠨᠠᠭ᠎ᠠ ᠶᠢ ᠲᠦᠢᠯᠪᠤᠷᠢᠲᠠᠶ ᠣᠶᠢᠯᠠᠭᠠᠵᠠᠢ᠂ ᠲᠡᠭᠡᠭᠡᠳ ︽ᠬᠦᠯᠢᠶᠡᠬᠦ᠂ ᠲᠦᠰᠢᠬᠦ᠂ | ᠠᠪᠴᠦ︾ ᠶᠠᠭᠠᠬᠢᠭᠰᠠᠨ ᠴᠤ ᠪᠣᠯᠬᠤ ᠦᠭᠡᠢ᠂ ᠵᠠᠪᠠᠯ ᠥᠪᠡᠷ ᠤᠨ ᠪᠣᠳᠠᠲᠤ ᠴᠢᠳᠠᠪᠤᠷᠢ ᠪᠠᠨ ᠦᠨᠳᠦᠰᠦᠯᠡᠵᠦ᠂ ︽ | ᠴᠠᠰᠤᠨ ᠪᠥᠮᠪᠦᠭᠡ ᠥᠩᠬᠦᠷᠢᠭᠦᠯᠬᠦ︾ ᠠᠷᠭ᠎ᠠ ᠶᠢ ᠠᠰᠢᠭᠯᠠ᠂ ᠰᠡᠭᠦᠯᠡᠷ ᠨᠢ ᠬᠤᠨᠢ ᠂ ᠦᠬᠡᠷ ᠲᠡᠵᠢᠭᠡᠵᠦ᠂ ᠪᠠᠰᠠ | ᠮᠡᠭᠡᠵᠢ ᠲᠡᠵᠢᠭᠡᠭᠡᠳ ᠬᠤᠷᠢ ᠭᠠᠷᠤᠢ ᠮᠦ ᠲᠡᠵᠢᠭᠡᠯ ᠡᠪᠡᠰᠦ ᠲᠠᠷᠢᠭᠰᠠᠨ ᠭᠡᠵᠦ ᠮᠠᠨ ᠳᠤ ᠶᠠᠷᠢᠯ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠯᠢ ᠶᠢᠦ ᠹᠦ᠋ | ᠶᠡᠷᠦ ᠨᠢ ᠠᠵᠢᠯᠴᠢ ᠬᠢᠴᠢᠶᠡᠩᠭᠦᠶ᠂ ᠬᠦᠯᠢᠶᠡᠬᠦ ᠦᠭᠡᠢ ᠲᠦᠰᠢᠬᠦ ᠦᠭᠡᠢ ᠪᠠᠶᠢᠵᠤ᠂ ᠥᠪᠡᠷ ᠪᠠᠨ ᠲᠠᠷᠢᠵᠦ ᠲᠡᠵᠢᠭᠡᠬᠦ | ᠪᠠᠷ ᠲᠠᠮᠵᠢᠨ ᠶᠠᠳᠠᠭᠤ ᠠᠴᠠ ᠪᠠᠨ ᠠᠩᠭᠢᠵᠢᠷᠠᠭᠰᠠᠨ ᠢᠶᠠᠷ ᠪᠠᠷᠠᠬᠤ ᠦᠭᠡᠢ᠂ ᠪᠠᠰᠠ ᠲᠣᠰᠬᠤᠨ ᠤ ᠪᠤᠰᠤᠳ | ᠠᠷᠠᠳ ᠤᠨ ᠢᠳᠡᠪᠬᠢᠵᠢᠯ ᠢ ᠳᠠᠶᠢᠴᠢᠯᠠᠭᠰᠠᠨ ᠪᠠᠶᠢᠨ᠎ᠠ᠂ ᠯᠢ ᠶᠢᠦ ᠹᠦ᠋ ᠶᠢᠨ ᠨᠥᠯᠥᠭᠡ ᠪᠠᠷ᠂ ᠥᠩᠭᠡᠷᠡᠭᠡᠭᠰᠡᠨ ᠤ | ᠲᠣᠰᠬᠤᠨ ᠤ ᠬᠠᠪᠢ ᠪᠠᠷ ᠰᠤᠯᠠ ᠵᠣᠭᠤᠭᠳᠠᠵᠤ ᠪᠠᠶᠢᠭᠰᠠᠨ ᠶᠠᠳᠠᠭᠤ ᠬᠦᠴᠢᠷᠳᠡᠯᠲᠡᠶ ᠡᠷᠦᠬᠡ ᠤᠳ ᠣᠳᠣ ᠴᠤᠭ | ᠵᠢᠪᠬᠤᠭ᠎ᠠ ᠲᠡᠭᠦᠯᠳᠡᠷ ᠪᠣᠯᠵᠤ᠂ ᠨᠢᠷᠤᠭᠤ ᠭᠡᠳᠦᠶᠢᠯᠭᠡᠨ ᠪᠡᠶ᠎ᠡ ᠲᠡᠭᠡᠨ ᠢᠳᠡᠭᠡᠯ ᠲᠠᠢ ᠪᠤᠯᠵᠦ᠂ ᠥᠪᠡᠷ ᠢ ᠪᠠᠨ | ᠬᠦᠴᠦᠷᠬᠡᠭᠵᠢᠭᠦᠯᠦᠨ ᠡᠷᠴᠢ ᠵᠣᠷᠢᠭ ᠢᠶᠠᠨ ᠬᠥᠪᠴᠢᠯᠡᠵᠦ ᠂ ᠠᠵᠢᠯᠴᠢ ᠬᠥᠳᠡᠯᠮᠦᠷᠢᠴᠢ ᠬᠤᠶᠠᠷ ᠭᠠᠷ ᠪᠠᠷ ᠪᠠᠨ | ᠨᠢᠭᠡᠳ ᠨᠢᠭᠡ ᠪᠠᠷ ︽ᠶᠠᠳᠠᠭᠤ ᠠᠴᠠ ᠠᠩᠭᠢᠵᠢᠷᠠᠭᠰᠠᠨ ᠤᠳᠤᠳ︾ ᠪᠣᠯᠤᠭᠰᠠᠨ ᠪᠠᠶᠢᠨ᠎ᠠ᠃ ᠲᠡᠳᠡᠨᠠᠷ ᠣᠳᠣ | ᠥᠪᠡᠷ ᠦᠪᠡᠷ ᠤᠨ ᠭᠡᠷᠲ᠋ᠡᠭᠡᠨ ᠶᠠᠭᠠᠷᠠᠵᠦ᠂ ᠭᠡᠷᠭᠢᠨ ᠪᠠᠶᠠᠵᠢᠨ ᠴᠢᠨᠡᠭᠡᠯᠢᠭᠵᠢᠬᠦ ᠶᠢ ᠪᠣᠳᠣᠵᠤ ᠂ ᠬᠤᠵᠢᠮᠤᠨ | ᠠᠮᠢᠳᠤᠷᠠᠯ ᠳᠠᠭᠠᠨ ᠨᠠᠩ ᠶᠡᠭᠡ ᠭᠦᠰᠡᠯ ᠡᠷᠡᠮᠡᠯᠵᠡᠯ ᠲᠠᠢ ᠪᠣᠯᠤᠭᠰᠠᠨ ᠪᠠᠶᠢᠨ᠎ᠠ᠃ | | | | | | | | ᠳ᠋ᠠ ᠲᠠᠨ ᠰᠢᠶᠠᠩ ᠤᠨ ᠪᠠᠢ ᠳ᠋ᠣᠣ ᠯᠢᠶᠠᠩ ᠵᠠᠰᠠᠭ ᠵᠠᠭᠢᠷᠭᠠᠨ ᠤ ᠲᠤᠰᠬᠤᠨ ᠤ ᠠᠷᠠᠳ ᠵᠠᠩ ᠴᠢᠶᠣᠣ | ᠹᠧᠩ : ᠯᠢ ᠶᠥᠩ ᠹᠦ᠋ 2013 ᠣᠨ ᠳᠤ ᠭᠠᠳᠠᠨ᠎ᠠ ᠬᠥᠯᠥᠰᠥᠨ ᠠᠵᠢᠯ ᠬᠢᠵᠦ ᠪᠠᠶᠢᠭᠰᠠᠨ ᠠᠴᠠ ᠪᠠᠨ ᠬᠠᠷᠢᠵᠦ | ᠢᠷᠡᠵᠡᠢ᠃ ᠲᠡᠷᠡ ᠥᠪᠡᠷ ᠤᠨ ᠴᠢᠷᠮᠠᠶᠢᠯᠭ᠎ᠠ ᠪᠠᠷ ᠢᠶᠠᠨ ᠬᠠᠷᠢᠵᠤ ᠢᠷᠡᠭᠡᠳ ᠬᠤᠨᠢ᠂ ᠭᠠᠭ᠋ᠠᠢ ᠲᠡᠵᠢᠭᠡᠵᠦ᠂ ᠪᠠᠰᠠ | ᠲᠠᠷᠢᠶ᠎ᠠ ᠲᠠᠷᠢᠭᠠᠳ ᠥᠪᠡᠷ ᠪᠠᠨ ᠭᠦᠭᠵᠢᠭᠡᠳ ᠠᠱᠢᠭᠦᠶ ᠰᠠᠶᠢᠨ ᠪᠤᠯᠵᠦ᠂ ᠪᠢᠳᠡᠨ ᠳᠤ ᠴᠦ ᠳᠠᠭᠤᠷᠢᠶᠠᠯ | ᠪᠤᠯᠤᠭᠰᠠᠨ ᠭᠡᠵᠡᠢ᠃ | ᠲᠡᠭᠦᠨ ᠤ ᠠᠮᠢᠳᠤᠷᠠᠯ ᠨᠢ ᠡᠳᠦᠷ ᠢᠷᠡᠬᠦᠶ᠎ᠡ ᠰᠠᠶᠢᠨ ᠰᠠᠶᠢᠬᠠᠨ ᠪᠣᠯᠤᠨ᠎ᠠ ᠭᠡᠳᠡᠭ ᠢ ᠲᠡᠷᠡ ᠪᠠᠲᠤ ᠢᠲᠡᠭᠡᠵᠦ | ᠪᠠᠶᠢᠯ᠎ᠠ᠃ | | | | | ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠬᠠᠮ ᠵᠠᠭᠤᠴᠢᠯᠠᠭᠤᠷ ᠤᠨ ᠲᠥᠪ | ᠤᠷᠴᠢᠭᠤᠯᠤᠭᠴᠢ᠄ ᠬᠠᠶᠢᠷᠬᠠᠨ |