︽ᠰᠢ ᠶᠢᠨ ᠫᠢᠩ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠶ᠎ᠠ · ᠭᠤᠷᠪᠠᠳᠤᠭᠠᠷ ᠪᠤᠳᠢ︾ —  ᠭᠢᠮᠤᠷᠠᠯ ᠤᠨ ᠤᠬᠠᠮᠰᠠᠷ ᠢᠶᠠᠨ ᠴᠢᠩᠭᠠᠳᠬᠠᠵᠤ᠂ ᠠᠶᠤᠯ ᠲᠦᠭᠰᠢᠭᠦᠷᠢ ᠦᠷᠢᠰᠦᠯᠳᠦᠭᠡᠨ ᠢ ᠰᠡᠷᠭᠡᠶᠢᠯᠡᠨ ᠠᠷᠢᠯᠭᠠᠨ᠎ᠠ
ᠨᠡᠶᠢᠲᠡᠯᠡᠭᠰᠡᠨ ᠴᠠᠭ᠄
2020/9/21
     ᠶᠡᠷᠦᠩᠬᠡᠶ ᠱᠦᠵᠢ ᠰᠢ ᠶᠢᠨ ᠫᠢᠩ᠄ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠤᠳᠤᠷᠢᠳᠬᠤ ᠺᠠᠳ᠋ᠷ ᠤᠨ ᠤᠯᠤᠰ ᠲᠥᠷᠥ ᠶᠢᠨ ᠡᠭᠦᠷᠭᠡ ᠬᠠᠷᠢᠭᠤᠴᠠᠯᠭ᠎ᠠ ᠪᠣᠯ ᠣᠯᠠᠨ ᠢᠶᠠᠷ ᠢᠶᠠᠨ ᠭᠠᠵᠠᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠷᠢᠮᠲᠠᠯᠠᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠪᠣᠳᠠᠲᠠᠶ ᠪᠥᠭᠡᠳ ᠨᠠᠷᠢᠯᠢᠭ ᠰᠠᠶᠢᠳᠤᠷ ᠬᠢᠨ᠎ᠡ᠃ 9 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ 505 ᠬᠤᠷᠠᠯ ᠤᠨ ᠭᠡᠷ ᠲᠤ ︽ᠥᠷᠯᠥᠭᠡ ᠶᠢᠨ ᠰᠤᠷᠤᠯᠴᠠᠯᠭ᠎ᠠ ᠬᠠᠭᠠᠰ ᠴᠠᠭ︾ ᠤᠨ ᠠᠵᠢᠯᠯᠠᠭ᠎ᠠ ᠥᠷᠨᠢᠭᠦᠯᠵᠦ᠂ ᠨᠠᠮ ᠤᠨ ᠭᠡᠰᠢᠭᠦᠨ ᠺᠠᠳ᠋ᠷ᠂ ᠠᠵᠢᠯᠲᠠᠨ  ᠠᠵᠢᠯᠴᠢᠨ ᠢ ᠵᠣᠬᠢᠶᠠᠨ ᠪᠠᠶᠢᠭᠤᠯᠤᠨ ︽ᠰᠢ ᠶᠢᠨ ᠫᠢᠩ ᠱᠦᠵᠢ ᠶᠢᠨ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠤᠬᠠᠶ  ᠶᠠᠷᠢᠶ᠎ᠠ · ᠭᠤᠷᠪᠠᠳᠤᠭᠠᠷ ᠪᠤᠳᠢ︾ ᠶᠢᠨ ᠨᠠᠢᠮᠠᠳᠤᠭᠠᠷ ᠲᠤᠰᠬᠠᠶ ᠰᠡᠳᠦᠪᠲᠦ ︽ ᠭᠢᠮᠤᠷᠠᠯ ᠤᠨ ᠤᠬᠠᠮᠰᠠᠷ ᠢᠶᠠᠨ ᠴᠢᠩᠭᠠᠳᠬᠠᠵᠤ᠂ ᠠᠶᠤᠯ ᠲᠦᠭᠰᠢᠭᠦᠷᠢ ᠥᠷᠢᠰᠥᠯᠳᠦᠭᠡᠨ ᠢ ᠰᠡᠷᠭᠡᠶᠢᠯᠡᠨ ᠠᠷᠢᠯᠭᠠᠶ᠎ᠠ︾ ᠭᠡᠰᠡᠨ ᠵᠤᠭᠢᠶᠠᠯ ᠤᠨ ᠠᠭᠤᠯᠭ᠎ᠠ ᠶᠢ ᠰᠤᠷᠤᠯᠴᠠᠪᠠ᠃

       ︽ᠰᠢ ᠶᠢᠨ ᠫᠢᠩ ᠱᠦᠵᠢ ᠶᠢᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠶ᠎ᠠ︾ ᠭᠡᠬᠦ ᠨᠣᠮ ᠤᠨ

ᠭᠤᠷᠪᠠᠳᠤᠭᠠᠷ ᠪᠤᠳᠢ ᠶᠢᠨ ᠨᠠᠢᠮᠠᠳᠤᠭᠠᠷ ᠲᠤᠰᠬᠠᠢ ᠰᠡᠳᠦᠪ ︽ ᠭᠢᠮᠤᠷᠠᠯ ᠤᠨ ᠤᠬᠠᠮᠰᠠᠷ ᠢᠶᠠᠨ ᠴᠢᠩᠭᠠᠳᠬᠠᠵᠤ᠂

ᠠᠶᠤᠯ ᠲᠦᠭᠰᠢᠭᠦᠷᠢ ᠥᠷᠢᠰᠥᠯᠳᠦᠭᠡᠨ ᠢ ᠰᠡᠷᠭᠡᠶᠢᠯᠡᠨ ᠠᠷᠢᠯᠭᠠᠬᠤ︾᠂ ᠨᠠᠮ ᠤᠨ ᠠᠷᠪᠠ ᠶᠢᠰᠦᠳᠦᠭᠡᠷ ᠶᠡᠭᠡ

ᠬᠤᠷᠠᠯ ᠠᠴᠠ ᠨᠠᠰᠢᠬᠢ ᠶᠡᠷᠦᠩᠬᠡᠢ ᠱᠦᠵᠢ ᠰᠢ ᠶᠢᠨ ᠫᠢᠩ ᠤᠨ ᠡᠨᠡ ᠲᠠᠯ᠎ᠠ ᠪᠠᠷ ᠬᠢ ᠴᠢᠬᠤᠯᠠ ᠵᠣᠬᠢᠶᠠᠯ ᠢ

ᠲᠥᠪᠯᠡᠷᠡᠭᠦᠯᠦᠨ ᠣᠷᠣᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠭ᠎ᠠ ᠱᠤᠭᠤᠮ ᠤᠨ ᠲᠤᠬᠠᠢ ᠭᠦᠨᠵᠡᠭᠡᠢ

ᠪᠣᠳᠣᠯᠬᠢᠯᠠᠯ ᠪᠠ ᠪᠣᠯᠪᠠᠰᠤᠷᠠᠩᠭᠤᠢ ᠬᠡᠷᠡᠭᠯᠡᠯᠲᠡ ᠶᠢ ᠭᠦᠨᠵᠡᠭᠡᠢ ᠲᠤᠰᠬᠠᠪᠠ᠃

       ᠲᠣᠰ ᠤᠳᠠᠭᠠᠨ ᠤ ᠰᠤᠷᠤᠯᠴᠠᠯᠭ᠎ᠠ ᠪᠠᠷ ᠳᠡᠮᠵᠢᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ

ᠲᠣᠪᠴᠢᠶ᠎ᠠ ᠶᠢᠨ ᠪᠥᠬᠦ ᠨᠠᠮ ᠤᠨ ᠭᠡᠰᠢᠭᠦᠨ ᠺᠠᠳ᠋ᠷ᠂ ᠠᠵᠢᠯᠲᠠᠨ ᠠᠵᠢᠯᠴᠢᠨ ᠠᠵᠢᠯ ᠨᠢᠭᠡᠪᠦᠷᠢ ᠪᠠᠨ ᠴᠢᠨᠠᠷ ᠰᠠᠶᠢᠲᠠᠶ᠂  

ᠦᠨᠳᠤᠷ ᠪᠦᠲᠦᠮᠵᠢᠲᠡᠶ ᠪᠠᠷ ᠪᠡᠶᠡᠯᠡᠭᠦᠯᠬᠦ ᠬᠡᠷᠡᠭᠲᠡᠶ︔ ᠡᠭᠦᠨ ᠤ ᠬᠠᠮᠲᠤ ᠬᠤᠷᠢᠭ᠎ᠠ ᠱᠤᠭᠤᠮ ᠤᠨ ᠰᠡᠳᠬᠢᠬᠦᠶ ᠶᠢ

ᠪᠠᠷᠢᠮᠲᠠᠯᠠᠵᠤ᠂ ᠭᠠᠳᠠᠭᠠᠳᠤ ᠣᠷᠴᠢᠨ ᠲᠣᠭᠤᠷᠢᠨ ᠤ ᠬᠤᠪᠢᠷᠠᠯᠲᠠ ᠶᠢ ᠠᠷᠭᠠᠴᠠᠬᠤ ᠦᠵᠡᠯ ᠰᠠᠨᠠᠭᠠᠨ ᠤ ᠪᠡᠯᠡᠳᠬᠡᠯ

ᠪᠣᠯᠤᠨ ᠠᠵᠢᠯ ᠤᠨ ᠪᠡᠯᠡᠳᠬᠡᠯ ᠢ ᠦᠷᠭᠦᠯᠵᠢᠯᠡᠨ ᠰᠠᠶᠢᠲᠤᠷ ᠬᠢᠵᠦ᠂ ᠪᠠᠷᠠᠭᠠᠯᠬᠢᠯᠠᠯ ᠤᠨ ᠴᠢᠨᠠᠷᠲᠠᠶ ᠪᠣᠳᠣᠯᠬᠢᠯᠠᠯ ᠪᠦᠬᠦ

ᠲᠠᠯ᠎ᠠ ᠶᠢᠨ ᠴᠢᠨᠠᠷᠲᠠᠶ ᠲᠥᠰᠦᠪᠯᠡᠯ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠪᠠᠶᠢᠷᠢᠯᠠᠭᠤᠯᠤᠯᠲᠠ ᠶᠢ  ᠴᠢᠩᠭᠠᠳᠬᠠᠵᠠᠢ

᠃ ᠲᠡᠦᠬᠡ ᠶᠢᠨ ᠵᠢᠮ᠎ᠡ ᠶᠣᠰᠣ ᠶᠢ ᠡᠵᠡᠮᠳᠡᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠭᠢᠷᠠᠯ ᠠᠴᠠ

ᠵᠠᠶᠢᠯᠠᠵᠤ᠂ ᠡᠷᠡᠯᠬᠡᠭᠯᠡᠨ ᠤᠷᠤᠭᠰᠢᠯᠠᠬᠤ ᠬᠡᠷᠡᠭᠲᠡᠢ  ᠭᠡᠵᠡᠢ᠃

                                    ᠬᠠᠷᠢᠭᠤᠴᠠᠨ ᠨᠠᠶᠢᠷᠠᠭᠤᠯᠤᠭᠴᠢ᠄ ᠴᠠᠬᠠᠷ ᠪᠠᠷᠠᠭᠤᠨ ᠭᠠᠷᠤᠨ

                                    ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

                                    ᠵᠣᠬᠢᠶᠠᠭᠴᠢ᠄ ᠳ᠋ᠦᠩ ᠵᠢᠤᠸᠠᠨ

                                    ᠤᠷᠴᠢᠭᠤᠯᠤᠭᠴᠢ᠄ ᠬᠠᠶᠢᠷᠬᠠᠨ

 
ᠢᠷᠡᠯᠲᠡ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号