︽ᠰᠢ ᠶᠢᠨ ᠫᠢᠩ ᠱᠦᠵᠢ ᠶᠢᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠶ᠎ᠠ ᠂ ᠭᠤᠷᠪᠠᠳᠤᠭᠠᠷ ᠪᠤᠳᠢ︾ ᠪᠦᠬᠦ ᠲᠠᠯ᠎ᠠ ᠪᠠᠷ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠪᠦᠷᠢᠯᠳᠦᠭᠦᠯᠪᠡ
ᠨᠡᠶᠢᠲᠡᠯᠡᠭᠰᠡᠨ ᠴᠠᠭ᠄
2020/9/21
      ᠶᠡᠷᠦᠩᠬᠡᠶ ᠱᠦᠵᠢ ᠰᠢ ᠶᠢᠨ ᠫᠢᠩ᠂ ᠭᠠᠳᠠᠭᠰᠢ ᠨᠡᠭᠡᠭᠡᠯᠲᠡ ᠬᠢᠬᠦ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠳᠠᠯᠠᠵᠦ᠂ ᠭᠠᠳᠠᠭᠰᠢ ᠨᠡᠭᠡᠭᠡᠯᠲᠡ ᠬᠢᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠮᠠᠶ᠋ᠢᠭ ᠤᠨ ᠠᠵᠤ ᠠᠬᠤᠶ ᠶᠢᠨ ᠰᠢᠨ᠎ᠡ ᠪᠠᠶᠢᠭᠤᠯᠤᠯ ᠢ ᠪᠠᠶᠢᠭᠤᠯᠵᠤ᠂ ᠤᠯᠠᠨ ᠤᠯᠤᠰ ᠤᠨ ᠬᠠᠮᠲᠤᠷᠠᠯᠴᠠᠭ᠎ᠠ ᠪᠠ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠤᠢ ᠪᠣᠯᠭᠠᠨ᠎ᠠ᠃ 9 ᠰᠠᠷ᠎ᠠ ᠶᠢᠨ 7 ᠤ  ᠦᠳᠡ ᠵᠢᠨ‌ᠡᠮᠦᠨ᠎ᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ 505 ᠬᠤᠷᠠᠯ ᠤᠨ ᠭᠡᠷ ᠲᠤ ︽ᠥᠷᠯᠥᠭᠡ ᠶᠢᠨ  ᠰᠤᠷᠤᠯᠴᠠᠯᠭ᠎ᠠ ᠬᠠᠭᠠᠰ ᠴᠠᠭ︾ ᠤᠨ ᠠᠵᠢᠯᠯᠠᠭ᠎ᠠ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ︽ᠰᠢ ᠶᠢᠨ ᠫᠢᠩ ᠤᠨ ᠲᠥᠷᠥ ᠶᠢ ᠵᠠᠰᠠᠬᠤ ᠵᠠᠰᠠᠭ ᠢ ᠡᠷᠬᠢᠯᠡᠬᠦ ᠲᠤᠬᠠᠶ  ᠶᠠᠷᠢᠶ᠎ᠠ᠂  ᠭᠤᠷᠪᠠᠳᠤᠭᠠᠷ ᠪᠤᠳᠢ︾ ᠶᠢᠨ ᠳᠣᠯᠣᠳᠤᠭᠠᠷ ᠲᠤᠰᠬᠠᠶ ᠰᠡᠳᠦᠪᠲᠦ ︽ᠪᠦᠬᠦ ᠲᠠᠯ᠎ᠠ ᠪᠠᠷ ᠨᠡᠭᠡᠭᠡᠯᠲᠡ ᠬᠢᠬᠦ ᠰᠢᠨ᠎ᠡ  ᠪᠠᠶᠢᠷᠢᠰᠢᠯ ᠢ ᠪᠤᠢ ᠪᠣᠯᠭᠠᠶ᠎ᠠ︾ ᠭᠡᠰᠡᠨ ᠵᠣᠬᠢᠶᠠᠯ  ᠢ ᠰᠤᠷᠤᠯᠴᠠᠪᠠ᠃

      ︽ᠪᠦᠬᠦ ᠲᠠᠯ᠎ᠠ ᠪᠠᠷ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠪᠦᠷᠢᠯᠳᠦᠭᠦᠯᠦᠶ᠎ᠡ︾ ᠭᠡᠬᠦ ᠲᠤᠰᠬᠠᠶ ᠰᠡᠳᠦᠪ ︽

ᠳᠤᠮᠳᠠᠳᠤ ᠤᠯᠤᠰ ᠨᠡᠬᠡᠬᠡᠯᠳᠡ ᠶᠢᠨ ᠡᠭᠦᠳᠡ ᠪᠠᠨ ᠤᠯᠠᠮ ᠶᠡᠭᠡ ᠨᠡᠭᠡᠭᠡᠨ᠎ᠡ︾ ᠭᠡᠵᠦ ᠲᠣᠳᠣᠷᠬᠠᠢ ᠵᠢᠭᠠᠵᠤ

ᠭᠠᠷᠭᠠᠭᠰᠠᠨ ᠪᠥᠭᠡᠳ ᠳᠤᠮᠳᠠᠳᠤ ᠤᠯᠤᠰ ᠤᠨ ᠨᠡᠬᠡᠬᠡᠯᠳᠡ ᠶᠢ ᠥᠷᠭᠡᠳᠬᠡᠬᠦ ᠲᠠᠯ᠎ᠠ ᠪᠠᠷ ᠬᠢ ᠴᠢᠬᠤᠯᠠ ᠶᠡᠭᠡ ᠠᠷᠭ᠎ᠠ

ᠭᠡᠮᠵᠢᠶ᠎ᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠡᠢ᠃ ᠲᠤᠰ ᠲᠤᠰᠬᠠᠢ ᠰᠡᠳᠦᠪ ᠲᠤ ᠶᠡᠷᠦᠩᠬᠡᠢ ᠱᠦᠵᠢ ᠰᠢ ᠶᠢᠨ

ᠫᠢᠩ ᠤᠨ 4 ᠴᠢᠬᠤᠯᠠ ᠵᠣᠬᠢᠶᠠᠯ ᠢ ᠰᠣᠩᠭᠤᠨ ᠨᠠᠶᠢᠷᠠᠭᠤᠯᠪᠠ᠄ ︽ᠳᠤᠮᠳᠠᠳᠤ ᠤᠯᠤᠰ ᠤᠨ ᠨᠡᠬᠡᠬᠡᠯᠳᠡ ᠶᠢᠨ

ᠡᠭᠦᠳᠡ ᠪᠠᠨ ᠤᠯᠠᠮ ᠶᠡᠭᠡ ᠨᠡᠭᠡᠭᠡᠨ᠎ᠡ︾᠂     ︽ᠳᠤᠮᠳᠠᠳᠤ ᠤᠯᠤᠰ ᠤᠨ ᠤᠨᠴᠠᠯᠢᠭ ᠲᠠᠢ ᠴᠢᠯᠥᠭᠡᠲᠦ

ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠶ᠎ᠠ︾᠂ ︽ᠰᠢᠨ᠎ᠡ ᠶᠢ

ᠡᠭᠦᠳᠬᠦ ᠪᠠᠭᠲᠠᠭᠠᠮᠵᠢᠲᠠᠢ ᠨᠡᠭᠡᠭᠡᠯᠲᠡᠲᠦ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠬᠠᠮᠲᠤ ᠪᠠᠷ ᠪᠦᠳᠦᠬᠡᠨ

ᠪᠠᠶᠢᠭᠤᠯᠤᠶ᠎ᠠ︾᠂ ︽ᠨᠡᠬᠡᠬᠡᠯᠳᠡ ᠬᠢᠵᠦ  ᠬᠠᠮᠳᠤᠷᠠᠯᠴᠠᠨ᠂ ᠬᠤᠪᠢ ᠵᠠᠶᠠᠭ᠎ᠠ ᠪᠠᠨ ᠬᠠᠮᠲᠤᠳᠬᠠᠨ᠎ᠠ︾᠃

      ᠳᠠᠷᠠᠭ᠎ᠠ ᠨᠢ᠂ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠶᠠᠨ ᠫᠧᠩ ᠢᠦᠶ

ᠥᠭᠡᠷᠡᠴᠢᠯᠡᠯᠲᠡ ᠨᠡᠭᠡᠭᠡᠯᠳᠡ ᠬᠢᠭᠰᠡᠨ ᠳᠥᠴᠢᠨ ᠵᠢᠯ ᠤᠨ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ

ᠨᠠᠷᠢᠨ ᠲᠠᠶᠢᠯᠪᠤᠷᠢᠯᠠᠵᠦ᠂ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠬᠤᠷᠠᠮᠳᠤᠭᠤᠯᠤᠭᠰᠠᠨ ᠡᠷᠬᠢᠮ ᠨᠠᠨᠳᠢᠨ

ᠲᠤᠷᠰᠢᠯᠭ᠎ᠠ ᠪᠣᠯ ᠨᠠᠮ ᠪᠣᠯᠤᠨ ᠠᠷᠠᠳ ᠲᠦᠮᠡᠨ ᠤ ᠡᠷᠬᠢᠮ ᠨᠠᠨᠳᠢᠨ ᠣᠶᠤᠨ ᠰᠠᠨᠠᠭᠠᠨ ᠤ ᠥᠪ ᠬᠥᠷᠥᠩᠭᠡ ᠮᠥᠨ᠃

ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠭᠦᠭᠵᠢᠭᠦᠯᠭᠦ ᠳᠤ

ᠲᠤᠶᠢᠯ ᠤᠨ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠂ ᠡᠷᠬᠡᠪᠰᠢ ᠬᠤᠪᠢ ᠲᠠᠬᠢᠨ ᠨᠠᠨᠳᠢᠩᠨᠠᠵᠤ᠂

ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠦᠢᠯᠡᠳᠦᠯᠭᠡ ᠶᠢᠨ ᠳᠤᠮᠳᠠ ᠰᠤᠷᠠᠯᠳᠠ ᠦᠭᠡᠢ ᠪᠠᠶᠠᠯᠢᠭᠵᠢᠭᠤᠯᠤᠨ

ᠬᠥᠭᠵᠢᠭᠦᠯᠬᠦ ᠬᠡᠷᠡᠭᠲᠡᠶ︾︔ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ ᠶᠢᠨ ᠲᠣᠪᠴᠢᠶᠠᠨ ᠤ ᠪᠦᠬᠦ

ᠨᠠᠮ ᠤᠨ ᠭᠡᠰᠢᠭᠦᠨ ᠺᠠᠳ᠋ᠷ᠂  ᠠᠵᠢᠯᠳᠠᠨ ᠠᠵᠢᠯᠴᠢᠨ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠵᠤ ᠦᠢᠯᠡᠳᠪᠦᠷᠢ

ᠮᠡᠳᠡᠭᠡ ᠬᠤᠳᠠᠯᠳᠤᠭ᠎ᠠ ᠬᠤᠳᠠᠯᠳᠤᠭᠠᠨ ᠤ ᠶᠠᠪᠤᠳᠠᠯ ᠤᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠰᠢᠨ᠎ᠡ

ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠦᠨᠡᠨᠬᠦ ᠠᠳᠬᠤᠵᠤ ᠪᠣᠳᠠᠲᠠᠢ  ᠠᠵᠢᠯᠯᠠᠭ᠎ᠠ ᠳᠤᠮᠳᠠ

ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠨ᠎ᠡ᠃

                                        ᠬᠠᠷᠢᠭᠤᠴᠠᠨ ᠨᠠᠶᠢᠷᠠᠭᠤᠯᠤᠭᠴᠢ᠄ ᠴᠠᠬᠠᠷ ᠪᠠᠷᠠᠭᠤᠨ ᠭᠠᠷᠤᠨ

                                        ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

                                        ᠵᠣᠬᠢᠶᠠᠭᠴᠢ᠄ ᠳ᠋ᠦᠩ ᠵᠢᠤᠸᠠᠨ

                                        ᠤᠷᠴᠢᠭᠤᠯᠤᠭᠴᠢ᠄  ᠬᠠᠶᠢᠷᠬᠠᠨ

 
ᠢᠷᠡᠯᠲᠡ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号