ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠢᠲᠡᠨ ᠰᠢᠯᠢ ᠢᠳᠡᠭᠡᠨ ᠤ ᠬᠢᠵᠠᠭᠠᠷᠲᠤ ᠺᠣᠮᠫᠠᠨᠢ ᠲᠦᠪ‌ᠨᠠᠰᠤᠳᠠᠨ ᠢ ᠠᠰᠠᠷᠠᠬᠤ ᠬᠦᠷᠢᠶᠡᠯᠡᠩ ᠳᠤ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠲᠣᠬᠤᠨᠢᠭᠤᠯᠬᠤ ᠠᠵᠢᠯᠯᠠᠭ᠎ᠠ  ᠦᠷᠨᠢᠭᠦᠯᠪᠡ
ᠨᠡᠶᠢᠲᠡᠯᠡᠭᠰᠡᠨ ᠴᠠᠭ᠄
2020/9/21

    ᠠᠯᠲᠠᠨ ᠰᠢᠷᠭᠠᠯ ᠨᠠᠮᠤᠷ ᠤᠨ ᠰᠡᠷᠢᠭᠦᠬᠡᠨ ᠳᠤ ᠠᠯᠮᠤᠷᠠᠳ ᠵᠢᠮᠢᠰ ᠤᠨ ᠠᠩᠬᠢᠯᠤᠮ᠎ᠠ ᠦᠨᠦᠷ ᠬᠠᠩᠬᠤᠯᠤᠨ᠎ᠠ᠃

ᠤᠯᠤᠰ ᠤᠨ ᠪᠠᠶᠠᠷ ᠪᠣᠯᠤᠨ ᠤᠯᠠᠮᠵᠢᠯᠠᠯᠲᠤ ᠪᠠᠶᠠᠷ ᠤᠨ ᠡᠳᠦᠷ  ᠤᠨ ᠲᠡᠷᠭᠡᠯ ᠰᠠᠷᠠᠨ ᠤ ᠪᠠᠶᠠᠷ ᠬᠦᠷᠴᠦ ᠢᠷᠡᠬᠦ  

ᠲᠠᠰᠢᠷᠠᠮ  ᠪᠠᠷ᠂ 9 ᠰᠠᠷ᠎ᠠ ᠶᠢᠨ 12 ᠤᠨ ᠡᠳᠦᠷ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠢᠲᠡᠨ

ᠰᠢᠯᠢ ᠢᠳᠡᠭᠡᠨ ᠤ ᠭᠢᠵᠠᠭᠠᠷᠳᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠷᠧᠨ ᠬᠤᠸᠠᠨ ᠹᠧᠩ ᠪᠦᠬᠦ ᠠᠵᠢᠯᠲᠠᠳ ᠲᠠᠢ

ᠭᠠᠷ ᠬᠤᠯᠪᠣᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠥᠪ ᠤᠨ ᠨᠠᠰᠤᠲᠠᠨ ᠢ ᠠᠰᠠᠷᠠᠬᠤ

ᠬᠦᠷᠢᠶᠡᠯᠡᠩ ᠳᠤ  ᠭᠦᠨᠵᠡᠭᠡᠶᠢᠷᠡᠵᠦ᠂ ︽  ᠲᠡᠷᠭᠡᠯ ᠰᠠᠷ᠎ᠠ ᠶᠢᠨ ᠪᠠᠶᠠᠷ︾ ᠪᠠᠷ ᠭᠤᠤᠯ ᠰᠡᠳᠦᠪ ᠪᠣᠯᠭᠠᠭᠰᠠᠨ

ᠲᠣᠬᠤᠨᠢᠭᠤᠯᠬᠤ  ᠠᠵᠢᠯᠯᠠᠭ᠎ᠠ ᠦᠷᠨᠢᠭᠦᠯᠪᠡ᠃

       ᠷᠧᠨ ᠬᠤᠸᠠᠨ ᠹᠧᠩ ᠨᠡᠷ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠨ ᠳᠤ ᠴᠢᠩ ᠰᠡᠳᠬᠢᠯ ᠤᠨ

ᠮᠡᠨᠳᠦᠴᠢᠯᠡᠯ ᠪᠠ ᠪᠠᠶᠠᠷ ᠤᠨ ᠡᠳᠦᠷ ᠤᠨ ᠬᠠᠯᠠᠭᠤᠨ ᠮᠠᠨᠳᠤ ᠪᠠ  ᠢᠷᠦᠭᠡᠯ ᠵᠥᠩᠨᠡᠯ ᠳᠡᠪᠰᠢᠭᠦᠯᠵᠦ᠂ ᠨᠠᠰᠤᠲᠠᠳ ᠨᠠᠮ

ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠡᠳ᠋ᠯᠡᠵᠦ᠂ ᠠᠮᠤᠷ ᠠᠮᠤᠭᠤᠯᠠᠩ ᠵᠣᠯ ᠵᠢᠷᠭᠠᠯᠠᠩᠳᠠᠢ ᠪᠠᠷ

ᠥᠲᠡᠯᠦᠭᠡ ᠨᠠᠰᠤ ᠪᠠᠨ ᠥᠩᠭᠡᠷᠡᠭᠦᠯᠬᠦ ᠶᠢ ᠬᠦᠰᠡᠨ ᠵᠥᠩᠨᠡᠵᠦ  ᠂ ᠡᠭᠦᠨ ᠤ ᠬᠠᠮᠲᠤ ᠨᠠᠰᠤᠲᠠᠨ ᠳᠤ 1000 ᠭᠠᠷᠤᠶ

ᠲᠥᠭᠦᠷᠢᠭ ᠤᠨ ᠥᠷᠲᠡᠭ ᠪᠥᠬᠦᠶ ᠨᠠᠢᠮᠠᠨ ᠰᠠᠷ᠎ᠠ ᠶᠢᠨ ᠠᠷᠪᠠᠨ ᠲᠠᠪᠤᠨ ᠤ ᠶᠧᠪᠡᠩ  ᠪᠠ  ᠭᠤᠶᠢᠳᠠ ᠰᠠᠶᠢᠬᠠᠨ ᠤᠷᠠᠨ

ᠰᠠᠶᠢᠬᠠᠨ ᠤ ᠲᠣᠭᠯᠠᠯᠲᠠ ᠶᠢ  ᠠᠪᠴᠢᠷᠠᠵᠦ᠂  ᠨᠠᠰᠤᠲᠠᠨ ᠢ ᠠᠰᠠᠷᠠᠬᠤ ᠬᠦᠷᠢᠶᠡᠯᠡᠩ ᠳᠤ ᠪᠠᠶᠠᠷ  ᠪᠠᠶᠠᠰᠤᠯ᠂ ᠡᠶ᠎ᠡ

ᠨᠠᠶᠢᠷᠠᠮᠳᠠᠭᠤ ᠠᠭᠤᠷ ᠠᠮᠢᠰᠬᠤᠯ ᠢ ᠪᠤᠢ ᠪᠣᠯᠭᠠᠵᠤ᠂ ᠨᠠᠰᠤᠲᠠᠶᠢᠴᠤᠳ ᠲᠤ ᠨᠡᠶᠢᠭᠡᠮ ᠤᠨ ᠬᠠᠯᠠᠮᠵᠢᠯᠠᠯ ᠪᠣᠯᠤᠨ ᠶᠡᠭᠡ

ᠭᠡᠷ ᠪᠦᠯᠢ ᠶᠢᠨ ᠬᠠᠯᠠᠭᠤᠨ ᠳᠤᠯᠠᠭᠠᠨ ᠢ ᠭᠦᠨ  ᠮᠡᠳᠡᠷᠡᠭᠦᠯᠦᠭᠰᠡᠨ ᠪᠠᠶᠢᠨ᠎ᠠ  ᠃

                                ᠬᠠᠷᠢᠭᠤᠴᠠᠨ ᠨᠠᠶᠢᠷᠠᠭᠤᠯᠤᠭᠴᠢ᠄ ᠴᠠᠬᠠᠷ ᠪᠠᠷᠠᠭᠤᠨ ᠭᠠᠷᠤᠨ

                                ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

                                ᠵᠣᠬᠢᠶᠠᠭᠴᠢ᠄ ᠵᠠᠩ ᡁᠢ ᠮᠢᠩ       ᠰᠥᠩ ᠹᠸᠢ 

                                ᠤᠷᠴᠢᠭᠤᠯᠤᠭᠴᠢ᠄  ᠬᠠᠶᠢᠷᠬᠠᠨ

 
ᠢᠷᠡᠯᠲᠡ᠄ ᠠᠷᠠᠳ ᠤᠨ ᠶᠠᠪᠤᠳᠠᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号