ᠲᠤᠮᠳᠠᠳᠤ ᠤᠯᠤᠰ ᠤᠨ ᠪᠠᠩᠭᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠳᠡᠳ᠋ ᠲᠡᠷᠢᠭᠦᠯᠡᠭᠴᠢ ᠬᠤᠸᠠᠩ ᠬᠤᠩ ᠨᠠᠷ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ︽ᠪᠠᠶᠠᠨ ᠪᠦᠷᠢᠳᠦ︾ ᠢᠨᠵᠧᠨᠧᠷᠢᠩ ᠪᠠᠷ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020/9/21
     9 ᠰᠠᠷ᠎ᠠ ᠶᠢᠨ 16 ᠤ ᠡᠳᠦᠷ᠂ ᠳᠤᠮᠳᠠᠳᠤ ᠤᠯᠤᠰ ᠤᠨ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ  ᠵᠦᠪᠯᠠᠯ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠡᠷᠢᠭᠦᠯᠡᠭᠴᠢ ᠬᠤᠸᠠᠩ ᠬᠤᠩ ᠨᠠᠷ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ︽ ᠪᠠᠶᠠᠨ ᠪᠦᠷᠢᠳᠦ︾ ᠢᠨᠵᠧᠨᠧᠷᠢᠩ  ᠪᠠᠷ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠥᠪᠥᠷ ᠮᠣᠩᠭᠤᠯ ᠤᠨ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠸᠠᠩ ᠸᠧᠨ ᠭᠠᠩ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠵᠧᠤ ᠴᠢᠶᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠭᠤᠤ ᠰᠧᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋  ᠬᠤᠰᠢᠭᠤᠨ ᠳᠠᠷᠤᠭ᠎ᠠ ᠯᠢᠦ ᠢᠦᠶ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃

     ᠬᠤᠸᠠᠩ ᠬᠤᠩ ᠨᠠᠷ ᠤᠷᠢᠳ ᠬᠤᠵᠢᠳ ᠪᠠᠶᠠᠨ ᠪᠦᠷᠢᠳᠦ ᠶᠢᠨ ᠨᠤᠲᠤᠭ ᠤᠨ ᠭᠠᠷᠤᠯᠳᠠ ᠶᠢᠨ ᠳᠡᠯᠭᠡᠨ

ᠪᠣᠷᠣᠯᠠᠭᠤᠯᠬᠤ ᠲᠥᠪ ᠤᠨ ᠪᠡᠶᠡᠴᠢᠯᠡᠨ ᠣᠶᠢᠯᠠᠭᠠᠬᠤ ᠣᠷᠳᠣᠨ ᠪᠠ ᠮᠥᠩᠭᠦᠨ ᠭᠦᠢᠯᠭᠡᠭᠡᠨ ᠤ ᠬᠡᠷᠡᠭᠯᠡᠭᠡ ᠪᠠᠷ

ᠶᠠᠳᠠᠭᠤ ᠶᠢ ᠲᠡᠳᠬᠦᠬᠦ ᠵᠢᠯᠤᠭᠤᠳᠬᠤ ᠲᠠᠪᠴᠠᠩ᠂  ᠪᠠᠶᠠᠨ ᠰᠢᠶᠠᠩ ᠤᠨ ᠪᠠᠶᠠᠨ ᠪᠦᠷᠢᠳᠦ ᠲᠠᠷᠢᠶᠠᠯᠠᠩ ᠤᠨ

ᠲᠠᠯᠠᠪᠠᠢ ᠶᠢᠨ ᠲᠥᠷᠥᠯ ᠵᠦᠢᠯ ᠳᠤ ᠭᠦᠷᠴᠦ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠪᠠᠶᠠᠨ

ᠪᠦᠷᠢᠳᠦ︾ ᠢᠨᠵᠧᠨᠧᠷᠢᠩ ᠤᠨ ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃

     ᠬᠤᠸᠠᠩ ᠬᠤᠩ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠢᠯ ᠤᠨ ᠣᠯᠤᠭᠰᠠᠨ ᠠᠮᠵᠢᠯᠲᠠ ᠶᠢ

ᠨᠤᠲᠠᠯᠠᠪᠠ᠃ ᠲᠡᠷᠡ ᠵᠢᠭᠠᠵᠤ ᠭᠠᠷᠭᠠᠭᠰᠠᠨ ᠨᠢ᠂ 2020 ᠣᠨ ᠳᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ

ᠪᠦᠲᠦᠭᠡᠯ ᠢ  ᠦᠷᠭᠦᠯᠵᠢᠯᠡᠨ ᠪᠠᠬᠢᠵᠢᠭᠦᠯᠬᠦ ᠬᠡᠷᠡᠭᠲᠡᠶ᠂ ᠳᠠᠬᠢᠨ ᠶᠠᠳᠠᠭᠤᠷᠠᠬᠤ ᠦᠵᠡᠭᠳᠡᠯ ᠭᠠᠷᠬᠤ ᠶᠢ ᠦᠨᠡᠨᠬᠦ

ᠰᠡᠷᠭᠡᠶᠢᠯᠡᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠲᠤᠳᠤᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠵᠤ᠂

ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠴᠢᠰᠤ ᠶᠡᠭᠦᠯᠡᠵᠦ ᠪᠠᠶᠢᠭᠰᠠᠨ ᠠᠴᠠ ᠪᠠᠨ ᠴᠢᠰᠤ  

ᠪᠦᠳᠦᠭᠡᠬᠦ ᠪᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢ ᠳᠠᠭᠠᠭᠤᠯᠤᠨ ᠴᠢᠨᠡᠭᠡᠯᠢᠭᠵᠢᠯ ᠤᠨ ᠵᠠᠮ ᠢᠶᠠᠷ ᠵᠠᠮᠨᠠᠪᠠ᠃

ᠶᠠᠳᠠᠭᠤ ᠶᠢ ᠲᠡᠳᠬᠦᠬᠦ ᠠᠵᠤ ᠦᠢᠯᠡᠰ ᠢ ᠲᠠᠰᠤᠷᠠᠯᠲᠠ ᠦᠭᠡᠢ ᠬᠥᠭᠵᠢᠭᠦᠯᠵᠦ᠂ ᠠᠵᠤ ᠦᠢᠯᠡᠰ ᠢᠶᠠᠷ ᠬᠠᠪᠰᠤᠷᠤᠨ

ᠲᠡᠳᠭᠦᠭᠦ ᠰᠢᠨ᠎ᠡ ᠵᠠᠮ  ᠢ ᠲᠤᠷᠰᠢᠬᠤ ᠪᠠ ᠬᠠᠶᠢᠨ ᠰᠦᠪᠡᠭᠴᠢᠯᠡᠵᠦ᠂ ᠭᠤᠤᠯᠳᠠᠯᠭ᠎ᠠ ᠲᠠᠢ ᠠᠵᠤ ᠦᠢᠯᠡᠰ ᠤᠨ

ᠬᠥᠭᠵᠢᠯᠲᠡ ᠶᠢ ᠲᠡᠮᠵᠢᠬᠦ ᠬᠡᠷᠡᠭᠲᠡᠶ᠃  ᠪᠠᠶᠠᠨ ᠪᠦᠷᠢᠳᠦ ᠶᠢᠨ ᠨᠤᠲᠤᠭ ᠤᠨ ᠣᠨᠴᠠ ᠭᠠᠷᠤᠯᠲᠠ ᠶᠢᠨ ᠳᠡᠯᠭᠡᠨ

ᠪᠣᠷᠣᠯᠠᠭᠤᠯᠬᠤ ᠲᠥᠪ ᠪᠠ ᠨᠣᠭᠤᠭᠠᠨ ᠪᠦᠷᠢᠳᠦ ᠶᠢᠨ ᠲᠠᠷᠢᠶᠠᠯᠠᠩ ᠤᠨ ᠲᠠᠯᠠᠪᠠᠢ ᠶᠢᠨ ᠲᠥᠷᠥᠯ ᠵᠦᠢᠯ ᠢ ᠤᠯᠠᠮ ᠨᠢᠭᠡ

ᠠᠯᠬᠤᠮ ᠨᠡᠭᠡᠭᠡᠨ ᠠᠰᠢᠭᠯᠠᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠦᠷᠭᠦᠯᠵᠢᠯᠡᠬᠦ

ᠴᠢᠨᠠᠷ ᠢ ᠳᠡᠭᠡᠭᠰᠢᠯᠡᠭᠦᠯᠦᠨ᠎ᠡ᠃ ᠬᠥᠭᠵᠢᠯᠲᠡ ᠶᠢᠨ ᠶᠠᠪᠤᠴᠠ ᠳᠤ᠂ ᠵᠠᠪᠠᠯ ᠲᠤᠬᠠᠶ ᠶᠢᠨ ᠭᠠᠵᠠᠷ ᠣᠷᠣᠨ ᠤ

ᠪᠠᠶᠢᠳᠠᠯ ᠳᠠᠭᠠᠨ ᠲᠣᠬᠢᠷᠠᠭᠤᠯᠵᠤ᠂ ᠲᠤᠬᠠᠶ ᠶᠢᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠪᠣᠯᠤᠨ ᠡᠷᠭᠢᠨ

ᠲᠣᠭᠤᠷᠢᠨ ᠤ ᠠᠵᠤ ᠦᠢᠯᠡᠰ ᠤᠨ ᠲᠠᠪᠠᠭᠤᠯᠢᠭ ᠢ ᠦᠨᠳᠦᠰᠦᠯᠡᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ

ᠭᠠᠳᠠᠭᠠᠳᠤ ᠨᠥᠬᠦᠴᠡᠯ ᠲᠠᠢ  ᠤᠶᠠᠯᠳᠤᠭᠤᠯᠤᠨ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠵᠡᠶ᠃

ᠶᠠᠳᠠᠭᠤ ᠬᠦᠴᠢᠷᠳᠡᠯᠲᠡᠢ ᠡᠷᠦᠬᠡ ᠶᠢ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠶᠢ ᠳᠠᠶᠢᠴᠢᠯᠠᠨ᠎ᠠ ᠭᠡᠵᠡᠢ  ᠃

      ︽ᠪᠠᠶᠠᠨ ᠪᠦᠷᠢᠳᠦ︾ ᠪᠣᠯ ᠨᠠᠮ ᠤᠨ ᠪᠠᠶᠢᠭᠤᠯᠤᠯᠲᠠ ᠪᠠᠷ ᠰᠲ᠋ᠣᠺ ᠤᠨ ᠡᠷᠬᠡ ᠶᠢᠨ ᠬᠠᠮᠲᠤᠷᠠᠯᠴᠠᠭ᠎ᠠ ᠶᠢ

ᠭᠦᠳᠦᠯᠦᠨ ᠳᠠᠭᠠᠭᠤᠯᠬᠤ ᠪᠠᠷ ᠭᠤᠤᠯ ᠪᠣᠯᠭᠠᠭᠰᠠᠨ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠲᠠᠪᠴᠠᠩ᠂

ᠶᠡᠷᠦᠩᠭᠡᠶᠢᠯᠡᠭᠰᠡᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠬᠦ ᠪᠠᠷ ᠭᠤᠤᠯ

ᠪᠤᠯᠭᠠᠭᠰᠠᠨ ᠠᠵᠤ ᠦᠢᠯᠡᠰ ᠤᠨ ᠲᠡᠳᠬᠦᠨ ᠳᠡᠮᠵᠢᠬᠦ ᠲᠠᠪᠴᠠᠩ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ

ᠣᠯᠭᠤᠵᠤ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠭᠤᠤᠯ ᠪᠣᠯᠭᠠᠭᠰᠠᠨ ᠮᠡᠷᠭᠡᠵᠢᠯ ᠤᠨ

ᠨᠡᠪᠴᠢᠭᠦᠯᠬᠦ ᠲᠠᠪᠴᠠᠩ ᠪᠣᠯᠤᠨ᠎ᠠ᠃

       ᠵᠢᠱᠢᠯᠲᠡ ᠪᠠᠷ 2020 ᠣᠨ ᠤ 10 ᠰᠠᠷ᠎ᠠ ᠳᠤ᠂ ᠪᠠᠶᠠᠨ ᠪᠦᠷᠢᠳᠦ ᠠᠵᠤ ᠦᠢᠯᠡᠰ ᠤᠨ ᠠᠰᠢᠭ

ᠣᠷᠣᠯᠭ᠎ᠠ ᠶᠢ ᠬᠤᠪᠢ ᠣᠷᠣᠭᠤᠯᠬᠤ ᠬᠡᠯᠪᠡᠷᠢ ᠪᠠᠷ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ  ᠪᠠᠶᠠᠨ

ᠪᠦᠷᠢᠳᠦ ᠶᠢᠨ ᠬᠤᠪᠢ ᠣᠷᠣᠭᠤᠯᠤᠭᠴᠢ ᠪᠣᠯᠭᠠᠵᠤ᠂ ᠬᠥᠳᠡᠭᠡ ᠲᠣᠰᠬᠤᠨ ᠤ ᠭᠤᠷᠪᠠᠨ ᠬᠤᠪᠢᠷᠠᠯᠲᠠ ᠶᠢ ᠪᠡᠶᠡᠯᠡᠭᠦᠯᠵᠡᠶ

᠃ ᠰᠲ᠋ᠣᠺ ᠤᠨ ᠡᠷᠬᠡ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠪᠠᠶᠠᠯᠢᠭᠵᠢᠭᠤᠯᠤᠨ᠎ᠠ᠃

ᠡᠵᠡᠩᠨᠡᠯᠲᠡ ᠳᠡᠭᠡᠷ᠎ᠡ᠂  ᠪᠠᠶᠠᠨ ᠪᠦᠷᠢᠳᠦ ᠶᠢᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠠᠪᠴᠠᠩ ᠨᠢ ︽ᠶᠠᠳᠠᠭᠤ ᠶᠢ

ᠲᠡᠳᠬᠦᠬᠦ  ᠵᠦᠪᠯᠡᠭᠴᠢ ᠮᠡᠷᠭᠡᠵᠢᠯᠲᠡᠨ ᠤ ᠪᠦᠯᠬᠦᠮ + ᠲᠣᠰᠬᠤᠨ ᠤ ᠬᠠᠮᠲᠤ ᠶᠢᠨ ᠠᠵᠤ ᠠᠬᠤᠢ ᠶᠢᠨ

ᠬᠠᠷᠢᠭᠤᠴᠠᠯᠭᠠᠲᠠᠨ︾ ᠤ ᠨᠠᠮ ᠤᠨ ᠪᠠᠶᠢᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠪᠠᠷ

ᠳᠠᠮᠵᠢᠨ᠂ ᠬᠠᠮᠲᠤ ᠶᠢᠨ ᠠᠵᠤ ᠠᠬᠤᠶ ᠳᠤ ᠬᠤᠪᠢ ᠣᠷᠣᠭᠤᠯᠤᠭᠰᠠᠨ ᠡᠳ᠋ ᠤᠨ ᠶᠠᠪᠤᠳᠠᠯ ᠤᠨ ᠲᠥᠪᠯᠡᠷᠡᠩᠭᠦᠶ

ᠬᠠᠮᠢᠶᠠᠷᠤᠯᠲᠠ ᠬᠢᠵᠦ᠂ ᠢᠵᠢ ᠪᠦᠷᠢᠳᠦᠭᠦᠯᠬᠦ ᠢᠲᠡᠭᠡᠮᠵᠢ ᠶᠢᠨ ᠦᠨᠡᠯᠡᠯᠲᠡ᠂ ᠭᠡᠷ᠎ᠡ ᠭᠦᠢᠴᠡᠳᠬᠡᠬᠦ

ᠬᠠᠷᠢᠭᠤᠴᠠᠯᠭ᠎ᠠ ᠶᠢᠨ ᠳᠠᠭᠠᠳᠬᠠᠯ᠂ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠭᠦᠢᠯᠭᠡᠭᠡᠨ ᠤ ᠴᠢᠨᠠᠷᠲᠠᠶ ᠳᠡᠮᠵᠢᠯᠭᠡ

ᠵᠡᠷᠭᠡ ᠮᠥᠩᠭᠦᠨ ᠭᠦᠢᠯᠭᠡᠭᠡᠨ ᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠦᠢᠯᠡᠳᠪᠦᠷᠢᠯᠡᠯ ᠤᠨ ᠦᠵᠦᠭᠦᠷ᠂

ᠪᠣᠷᠣᠯᠠᠭᠤᠯᠤᠯᠲᠠ ᠶᠢᠨ ᠦᠵᠦᠭᠦᠷ᠂ ᠬᠡᠷᠡᠭᠯᠡᠭᠡᠨ ᠤ ᠦᠵᠦᠭᠦᠷ᠂ ᠪᠠᠯᠠ ᠤᠷᠤᠭᠤᠯᠤᠯᠳᠠ ᠶᠢᠨ ᠦᠵᠦᠭᠦᠷ ᠵᠡᠷᠭᠡ ᠶᠢ

ᠴᠢᠩᠭ᠎ᠠ ᠬᠠᠮᠢᠶᠠᠷᠤᠨ ᠡᠵᠡᠮᠳᠡᠵᠦ᠂ ᠬᠤᠪᠢ ᠣᠷᠣᠭᠤᠯᠤᠭᠰᠠᠨ ᠬᠠᠮᠲᠤ ᠶᠢᠨ ᠠᠵᠤ ᠠᠬᠤᠢ ᠶᠢᠨ ᠬᠤᠪᠢ ᠬᠥᠮᠦᠨ ᠤ

ᠠᠰᠢᠭ ᠣᠷᠣᠯᠭ᠎ᠠ ᠶᠢ ᠲᠣᠭᠲᠠᠭᠤᠨ ᠢᠶᠠᠷ ᠬᠤᠪᠢᠶᠠᠷᠢᠯᠠᠬᠤ ᠬᠠᠷᠠᠯᠲᠠ ᠶᠢ ᠪᠡᠶᠡᠯᠡᠭᠦᠯᠦᠨ᠎ᠡ᠃

      ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠪᠠᠶᠠᠨ ᠪᠦᠷᠢᠳᠦ︾ ᠮᠥᠩᠭᠦᠨ ᠭᠦᠢᠯᠭᠡᠭᠡᠨ ᠤ  

ᠶᠡᠷᠦᠩᠭᠡᠶᠢᠯᠡᠭᠰᠡᠨ ᠶᠠᠳᠠᠭᠤ ᠶᠢ ᠲᠡᠳᠬᠦᠬᠦ ᠵᠠᠩᠭᠢᠯᠠᠭ᠎ᠠ ᠶᠢᠨ ᠢᠨᠵᠧᠨᠧᠷᠢᠩ ᠨᠢ ᠠᠭᠠᠵᠢᠮ ᠢᠶᠠᠷ ᠮᠥᠩᠭᠦᠨ

ᠭᠦᠢᠯᠭᠡᠭᠡᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠦᠢᠯᠡᠳᠦᠯᠭᠡ ᠶᠢᠨ ᠲᠥᠪ ᠪᠣᠯᠵᠣ᠂ ᠨᠡᠶᠢᠲᠡᠯᠢᠭ ᠵᠢᠱᠢᠶ᠎ᠡ

ᠦᠵᠡᠭᠦᠯᠬᠦ ᠦᠢᠯᠡᠳᠦᠯ ᠨᠢ ᠠᠯᠬᠤᠮ ᠠᠯᠬᠤᠮ ᠢᠶᠠᠷ ᠢᠯᠡᠷᠡᠵᠦ᠂ ᠳᠦᠷᠢᠮ ᠤᠨ   ᠬᠠᠮᠢᠶᠠᠷᠤᠯᠲᠠ ᠨᠢ ᠰᠢᠨᠵᠢᠯᠡᠬᠦ

ᠤᠬᠠᠭᠠᠨᠴᠢ ᠪᠥᠭᠡᠳ ᠪᠦᠲᠦᠮᠵᠢᠲᠡᠶ ᠪᠠᠶᠢᠵᠤ᠂ ᠮᠥᠩᠭᠦᠨ ᠭᠦᠢᠯᠭᠡᠭᠡᠨ ᠤ ᠴᠢᠳᠠᠪᠤᠷᠢ ᠣᠯᠭᠤᠵᠤ᠂ ︽ ᠪᠠᠶᠠᠨ

ᠪᠦᠷᠢᠳᠦ︾ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠵᠠᠭᠪᠤᠷ  ᠢ ᠠᠭᠠᠵᠢᠮ ᠢᠶᠠᠷ ᠵᠠᠰᠠᠭ ᠤᠨ ᠣᠷᠳᠣᠨ ᠤ

ᠵᠥᠪᠰᠢᠶᠡᠷᠡᠯ ᠢ ᠣᠯᠵᠤ᠂ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠶᠠᠳᠠᠭᠤ ᠶᠢ ᠲᠡᠳᠬᠦᠬᠦ ᠵᠠᠭᠪᠤᠷ ᠪᠤᠯᠭᠠᠨ᠎ᠠ᠃

ᠬᠥᠨᠳᠡᠯᠡᠨ ᠢᠶᠠᠷ ᠦᠵᠡᠪᠡᠯ᠂ ᠪᠠᠶᠠᠨ ᠪᠦᠷᠢᠳᠦ ᠶᠢᠨ ᠬᠠᠮᠲᠤ ᠶᠢᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ

ᠲᠤᠷᠰᠢᠯᠭ᠎ᠠ ᠨᠢ ᠪᠠᠩᠬᠢ  ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠢᠴᠢ ᠠᠵᠢᠯ ᠲᠥᠷᠥᠯ ᠤᠨ

ᠴᠢᠬ ᠲᠣᠭᠲᠠᠭᠠᠨ ᠬᠤᠰᠢᠭᠤ ᠰᠢᠶᠠᠨ ᠤ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠲᠤᠷᠰᠢᠯᠭ᠎ᠠ ᠶᠢ

ᠬᠠᠩᠭᠠᠵᠤ ᠪᠣᠯᠤᠨ᠎ᠠ᠃ ᠭᠤᠯᠳᠤ ᠲᠠᠯ᠎ᠠ ᠠᠴᠠ ᠦᠵᠡᠪᠡᠯ᠂ ᠨᠡᠶᠢᠲᠡᠯᠢᠭ ᠵᠢᠱᠢᠶ᠎ᠡ ᠦᠵᠡᠭᠦᠯᠬᠦ ᠨᠢ ᠨᠢᠭᠡ ᠰᠢᠶᠠᠨ ᠨᠢᠭᠡ

ᠣᠷᠣᠨ ᠪᠦᠰᠡ ᠶᠢᠨ ᠠᠵᠦ ᠦᠢᠯᠡᠰ ᠤᠨ ᠠᠯᠤᠰ ᠬᠡᠳᠤ ᠶᠢᠨ ᠬᠥᠭᠵᠢᠯᠲᠡ ᠶᠢ ᠲᠠᠶᠢᠴᠢᠯᠠᠵᠦ ᠪᠣᠯᠤᠨ᠎ᠠ᠃

                                         ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ

                                         ᠬᠤᠰᠢᠭᠤᠨ ᠤ ᠬᠠᠮ ᠵᠠᠭᠤᠴᠢᠯᠠᠭᠤᠷ ᠤᠨ ᠲᠥᠪ 

                                         ᠤᠷᠴᠢᠭᠤᠯᠤᠭᠴᠢ᠄  ᠬᠠᠶᠢᠷᠬᠠᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号