ᠲᠦᠭᠦᠬᠡᠶ ᠮᠢᠬ᠎ᠠ ᠶᠢ ᠲᠦᠭᠡᠭᠡᠯ ᠤᠰᠤ ᠪᠠᠷ ᠰᠢᠭᠤᠳ ᠤᠬᠢᠶᠠᠵᠤ ᠪᠣᠯᠬᠤ ᠦᠭᠡᠢ
ᠨᠡᠶᠢᠲᠡᠯᠡᠭᠰᠡᠨ ᠴᠠᠭ᠄
2020/9/21
      ᠬᠡᠷᠡᠭᠯᠡᠭᠴᠢᠳ ᠲᠦᠭᠦᠬᠡᠶ ᠮᠢᠬ᠎ᠠ᠂ ᠵᠢᠭᠦᠷᠲᠡᠨ ᠤ ᠮᠢᠬ᠎ᠠ᠂ ᠤᠰᠤᠨ ᠤ ᠭᠠᠷᠤᠯᠲᠠ ᠵᠡᠷᠭᠡ‌‍ᠶᠢ ᠤᠬᠢᠶᠠᠵᠤ ᠴᠡᠪᠡᠷᠯᠡᠵᠦ ᠬᠡᠷᠴᠢᠭᠰᠡᠨ ᠤ ᠳᠠᠷᠠᠭ᠎ᠠ᠂ ᠭᠠᠷ ᠢᠶᠠᠨ ᠵᠠᠪᠠᠯ ᠰᠠᠪᠤᠩᠳᠠᠵᠤ᠂ ᠤᠷᠤᠰᠬᠠᠯ ᠤᠰᠤ ᠪᠠᠷ ᠠᠳᠠᠭ ᠲᠠᠭᠠᠨ 20 ᠰᠧᠺᠦ᠋ᠨ᠋ᠳ᠋ ᠤᠬᠢᠶᠠᠬᠤ ᠬᠡᠷᠡᠭᠲᠡᠢ᠃ ᠲᠦᠭᠡᠭᠡᠯ ᠤᠰᠤᠨ ᠤ ᠴᠣᠷᠭᠤ ᠳᠤᠤᠷ᠎ᠠ ᠲᠦᠭᠦᠬᠡᠢ ᠮᠢᠬᠠᠨ ᠤ ᠪᠦᠲᠦᠭᠡᠭᠳᠡᠬᠦᠨ ᠢ ᠰᠢᠭᠤᠳ ᠤᠬᠢᠶᠠᠵᠤ ᠪᠣᠯᠬᠤ ᠦᠭᠡᠢ᠂ ᠤᠰᠤ ᠦᠰᠦᠷᠦᠭᠦᠯᠵᠦ ᠲᠣᠭᠤᠭᠠᠨ ᠭᠡᠷ ᠢ ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠢ᠃       ᠲᠦᠭᠦᠬᠡᠶ ᠢᠳᠡᠭᠡᠨ ᠪᠣᠯᠣᠨ ᠪᠣᠯᠤᠭᠰᠠᠨ ᠢᠳᠡᠭᠡᠨ ᠢ ᠰᠠᠯᠭᠠᠵᠦ ᠪᠣᠯᠪᠠᠰᠤᠷᠠᠭᠤᠯᠬᠤ ᠪᠠ ᠬᠠᠳᠠᠭᠠᠯᠠᠬᠤ ᠬᠡᠷᠡᠭᠲᠡᠢ᠂ ᠢᠯᠠᠩᠭᠤᠶ᠎ᠠ ᠲᠦᠭᠦᠬᠡᠶ ᠮᠢᠬ᠎ᠠ᠂ ᠲᠦᠭᠦᠬᠡᠶ ᠤᠰᠤᠨ ᠤ ᠭᠠᠷᠤᠯᠲᠠ ᠵᠡᠷᠭᠡ ᠶᠢ ᠤᠬᠢᠶᠠᠵᠤ ᠴᠡᠪᠡᠷᠯᠡᠵᠦ ᠬᠠᠳᠠᠭᠠᠯᠠᠬᠤ ᠳᠠᠭᠠᠨ ᠣᠨᠴᠠᠭᠠᠢ ᠬᠢᠴᠢᠶᠡᠬᠦ ᠬᠡᠷᠡᠭᠲᠡᠶ᠃ ᠤᠰᠤᠨ ᠤ ᠭᠠᠷᠤᠯᠲᠠ ᠶᠢ ᠠᠯᠢ ᠴᠢᠳᠠᠬᠤ ᠪᠠᠷ ᠲᠦᠭᠦᠬᠡᠶ ᠪᠠᠷ  ᠨᠢ ᠢᠳᠡᠬᠦ ᠦᠭᠡᠢ ᠪᠣᠯ ᠰᠠᠶᠢᠨ᠃      ᠡᠭᠦᠠ ᠠᠴᠠ ᠭᠠᠳᠠᠨ᠎ᠠ ᠭᠡᠷ ᠳᠣᠲᠣᠷ᠎ᠠ ᠠᠭᠠᠷ ᠨᠡᠪᠲᠡᠷᠡᠭᠦᠯᠬᠦ ᠲᠤᠬᠠᠶ ᠤᠯᠤᠰ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠺᠣᠮᠢᠰ ᠪᠠᠰᠠ ᠰᠠᠨᠠᠭᠤᠯᠬᠤ ᠳᠠᠭᠠᠨ᠂ ᠭᠡᠷ ᠤᠨ ᠳᠤᠯᠠᠭᠠᠨ ᠲᠣᠬᠢᠷᠠᠮᠵᠢᠲᠠᠶ ᠪᠠᠶᠢᠪᠠᠯ᠂ ᠠᠯᠢ ᠴᠢᠳᠠᠬᠤ ᠪᠠᠷ ᠴᠣᠩᠬᠤ ᠪᠠᠨ ᠨᠡᠭᠡᠭᠡᠵᠦ ᠠᠭᠠᠷ ᠰᠠᠯᠬᠢ ᠨᠡᠪᠲᠡᠷᠡᠭᠦᠯᠦᠨ᠎ᠡ᠃ ᠠᠭᠠᠷ ᠲᠣᠬᠢᠷᠠᠭᠤᠯᠤᠭᠴᠢ ᠶᠢ ᠬᠡᠷᠡᠭᠯᠡᠬᠦ ᠠᠴᠠ ᠡᠮᠦᠨ᠎ᠡ ᠤᠬᠢᠶᠠᠵᠤ ᠴᠡᠪᠡᠷᠯᠡᠬᠦ ᠬᠡᠷᠡᠭᠲᠡᠢ︔ ᠨᠡᠭᠡᠭᠡᠬᠦ ᠠᠴᠠ ᠡᠮᠦᠨ᠎ᠡ᠂ ᠤᠷᠢᠳᠠᠪᠠᠷ ᠡᠭᠦᠳᠡ ᠴᠣᠩᠬᠤ ᠪᠠᠨ ᠣᠩᠭᠤᠶᠢᠯᠭᠠᠵᠤ 20-30 ᠮᠢᠨᠦ᠋ᠲ ᠰᠠᠯᠬᠢ ᠨᠡᠪᠲᠡᠷᠡᠭᠦᠯᠦᠨ᠎ᠡ᠃ ᠪᠤᠯᠤᠮᠵᠢ ᠲᠠᠢ ᠪᠤᠯ ᠠᠭᠠᠷ ᠲᠣᠬᠢᠷᠠᠭᠤᠯᠤᠭᠴᠢ ᠪᠠᠨ ᠠᠵᠢᠯᠯᠠᠭᠤᠯᠬᠤ ᠦᠶ᠎ᠡ ᠳᠤ ᠡᠭᠦᠳᠡ ᠴᠣᠩᠬᠤ ᠪᠠᠨ ᠪᠢᠳᠡᠭᠡᠢ ᠪᠦᠷᠢᠮᠦᠰᠦᠨ ᠬᠠᠭᠠᠭᠠᠷᠠᠢ ᠭᠡᠵᠡᠢ                        ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号