ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠬᠡᠷᠡᠭᠯᠡᠬᠦ ᠲᠡᠷᠭᠡᠨ ᠳᠡᠭᠡᠷᠡᠬᠢ ᠫᠠᠶᠢᠰᠠ ᠶᠢ ᠬᠡᠷᠡᠭᠯᠡᠬᠦ ᠲᠣᠳᠣᠷᠬᠠᠶᠢᠯᠠᠯᠲᠠ ᠶᠢᠨ ᠲᠤᠬᠠᠶ ᠵᠠᠬᠢᠳᠠᠯ
ᠨᠡᠶᠢᠲᠡᠯᠡᠭᠰᠡᠨ ᠴᠠᠭ᠄
2021/1/22
    ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠬᠡᠷᠡᠭᠯᠡᠬᠦ ᠲᠡᠷᠭᠡᠨ ᠳᠡᠭᠡᠷᠡᠬᠢ ᠫᠠᠶᠢᠰᠠ ᠶᠢ ᠬᠡᠷᠡᠭᠯᠡᠬᠦ ᠲᠣᠳᠣᠷᠬᠠᠶᠢᠯᠠᠯᠲᠠ ᠶᠢᠨ ᠲᠤᠬᠠᠶ ᠵᠠᠬᠢᠳᠠᠯ     ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠄     ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠶᠡᠷᠦᠩᠬᠡᠶᠢᠯᠡᠨ ᠰᠡᠷᠭᠡᠶᠢᠯᠡᠬᠦ ᠴᠢᠳᠠᠪᠤᠷᠢ ᠶᠢ ᠪᠦᠲᠦᠮᠵᠢᠲᠡᠶ ᠲᠡᠭᠡᠭᠰᠢᠯᠡᠬᠦᠯᠬᠦ ᠶᠢᠨ ᠲᠦᠯᠦᠭᠡ᠂ ᠭᠠᠯ ᠢ ᠤᠷᠢᠳᠴᠢᠯᠠᠨ ᠰᠡᠷᠭᠡᠶᠢᠯᠡᠬᠦ ᠶᠢ ᠪᠡᠶᠡᠯᠡᠭᠦᠯᠵᠦ᠂ ᠭᠠᠯ ᠤᠨ ᠭᠠᠮᠰᠢᠭ ᠤᠨ ᠥᠷᠭᠡᠵᠢᠨ ᠳᠡᠯᠭᠡᠷᠡᠬᠦ ᠶᠢ ᠬᠢᠵᠠᠭᠠᠷᠯᠠᠨ᠂ ᠭᠠᠯ ᠤᠨ ᠭᠠᠮᠰᠢᠭ ᠤᠨ ᠬᠤᠬᠢᠷᠠᠯ ᠢ ᠪᠠᠭᠠᠰᠬᠠᠵᠤ᠂ ᠣᠶ ᠰᠢᠭᠤᠶ ᠡᠪᠡᠰᠦ ᠤᠷᠭᠤᠮᠠᠯ ᠤᠨ ᠬᠤᠴᠢᠯᠭ᠎ᠠ ᠶᠢ ᠪᠦᠲᠦᠮᠵᠢᠲᠡᠶ ᠬᠠᠮᠠᠭᠠᠯᠠᠵᠤ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠᠶᠢᠭᠤᠯᠤᠮᠵᠢ ᠶᠢᠨ ᠨᠤᠲᠤᠭ ᠪᠡᠯᠴᠢᠭᠡᠷ ᠤᠨ ᠭᠠᠯ ᠤᠨ ᠠᠶᠤᠯ᠂ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠠᠭᠠᠨᠴᠠᠪ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠨᠤᠲᠤᠭ ᠪᠡᠯᠴᠢᠭᠡᠷ ᠤᠨ ᠠᠶᠤᠯ ᠲᠦᠭᠰᠢᠭᠦᠷᠢ ᠶᠡᠬᠡᠲᠡᠶ ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠮᠠᠰᠢᠨ ᠲᠡᠷᠭᠡ ᠶᠢ ᠤᠷᠢᠳᠴᠢᠯᠠᠨ ᠬᠤᠳᠠᠯᠳᠤᠨ ᠠᠪᠴᠤ᠂ ᠭᠠᠯ ᠤᠨᠲᠠᠷᠠᠭᠠᠬᠤ ᠵᠡᠷᠭᠡ ᠲᠤᠬᠠᠶᠢᠯᠠᠭᠰᠠᠨ ᠠᠵᠢᠯ ᠳᠤ ᠬᠡᠷᠡᠭᠯᠡᠨ᠎ᠡ᠃ ᠬᠤᠳᠠᠯᠳᠤᠨ ᠠᠪᠬᠤ ᠳᠤ ᠬᠡᠷᠡᠭᠰᠡᠬᠦ ᠲᠡᠷᠭᠡ ᠬᠥᠰᠬᠡ ᠨᠢ ︽ᠭᠠᠯ ᠤᠨᠲᠠᠷᠠᠭᠠᠬᠤ ᠴᠡᠷᠢᠭ ᠵᠥᠭᠡᠭᠡᠪᠦᠷᠢᠯᠡᠬᠦ ᠲᠡᠷᠭᠡ᠂ ᠮᠠᠰᠢᠨ ᠪᠠᠭᠠᠵᠢ ᠶᠢᠨ ᠲᠡᠷᠭᠡ᠂ ᠭᠠᠯ ᠤᠨᠲᠠᠷᠠᠭᠠᠬᠤ ᠤᠰᠤᠨ ᠲᠡᠷᠭᠡ ᠵᠡᠷᠭᠡ ᠲᠤᠬᠠᠶᠢᠯᠠᠭᠰᠠᠨ ᠠᠵᠢᠯ ᠳᠤ ᠬᠡᠷᠡᠭᠯᠡᠬᠦ ᠲᠡᠷᠭᠡ︾ ᠪᠣᠯᠬᠤ ᠲᠡᠷᠭᠡ ᠬᠥᠰᠬᠡ ᠪᠣᠯ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠠᠴᠠ ᠲᠦᠭᠡᠭᠡᠨ ᠥᠭᠴᠦ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ᠲᠤᠯᠠ᠂ ᠲᠡᠷᠭᠡ ᠬᠥᠰᠬᠡ ᠬᠤᠳᠠᠯᠳᠤᠨ ᠠᠪᠤᠭᠰᠠᠨ ᠤ ᠳᠠᠷᠠᠭ᠎ᠠ ᠬᠠᠮᠢᠶ᠎ᠠ ᠪᠦᠬᠦᠢ ᠫᠠᠶᠢᠰᠠ ᠡᠯᠭᠦᠬᠦ ᠭᠠᠷᠳᠠᠮ ᠢ ᠭᠦᠢᠴᠡᠳᠬᠡᠵᠦ ᠪᠣᠯᠬᠤ ᠶᠢᠨ ᠬᠠᠮᠲᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠪ ᠤᠨ ᠶᠣᠰᠣᠭᠠᠷ ᠬᠡᠷᠡᠭᠯᠡᠵᠦ ᠪᠣᠯᠤᠨ᠎ᠠ᠃                        ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ                           2021 ᠣᠨ ᠤ 1 ᠰᠠᠷ᠎ᠠ ᠶᠢᠨ 6 ᠤ ᠡᠳᠣᠷ                         ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号