ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ                  ᠪᠥᠬᠦ ᠬᠤᠰᠢᠭᠤᠨ ᠳᠤ ︽ᠮᠦᠩᠭᠡ ᠰᠣᠪᠠᠭ︾ APP ᠶᠢ ᠳᠡᠯᠭᠡᠷᠡᠭᠦᠯᠦᠨ ᠬᠡᠷᠡᠭᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/11/19
                              ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠦᠢᠳᠡᠨᠰᠢᠯᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠬᠠᠷᠢᠶ᠎ᠠ ᠡᠯ᠎ᠡ ᠨᠢᠭᠡᠴᠡ ᠳᠤ᠄     ᠮᠠᠨ ᠤ ᠬᠤᠰᠢᠭᠤᠨ ᠤ ︽ ᠮᠦᠩᠭᠡ ᠰᠣᠪᠠᠭ︾ APP ᠶᠢ ᠳᠠᠩᠰᠠᠯᠠᠬᠤ ᠪᠠ ᠬᠡᠷᠡᠭᠯᠡᠬᠦ ᠠᠵᠢᠯ ᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠪᠠᠶᠢᠭᠤᠯᠭ᠎ᠠ ᠶᠢᠨ ᠺᠠᠳ᠋ᠷᠴᠤᠳ ᠢ ︽ᠮᠦᠩᠭᠡ ᠰᠣᠪᠠᠭ︾ APP ᠶᠢ ᠪᠦᠬᠦᠨ ᠢ ᠳᠠᠩᠰᠠᠯᠠᠭᠤᠯᠬᠤ ᠶᠢ ᠰᠢᠮᠳᠠᠭᠤᠯᠵᠤ᠂ ᠬᠠᠷᠢᠶ᠎ᠠ ᠣᠷᠣᠨ ᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠰᠠᠭᠤᠭᠠᠯᠢ ᠠᠷᠠᠳ ᠤᠨ ᠳᠠᠩᠰᠠᠯᠠᠬᠤ ᠠᠵᠢᠯ ᠢ ᠪᠡᠶᠡᠯᠡᠭᠦᠯᠬᠦ ᠶᠢ ᠵᠢᠯᠣᠭᠤᠳᠤᠨ᠎ᠠ︔ ᠡᠯ᠎ᠡ ᠨᠢᠭᠡᠴᠡ ᠨᠦᠭᠦᠳ ᠲᠣᠰ ᠨᠢᠭᠡᠴᠡ ᠶᠢᠨ ᠢᠶᠠᠨ ᠪᠠᠶᠢᠭᠤᠯᠤᠯᠭ᠎ᠠ ᠶᠢᠨ ᠺᠠᠳ᠋ᠷᠴᠤᠳ ᠢ ᠰᠢᠮᠳᠠᠭᠤᠯᠵᠤ ᠪᠠᠶᠢᠭᠠᠳ ︽ᠮᠦᠩᠭᠡ ᠰᠣᠪᠠᠭ︾ APP ᠶᠢ ᠪᠦᠬᠦᠨ ᠢ ᠳᠠᠩᠰᠠᠯᠠᠭᠤᠯᠬᠤ ᠬᠡᠷᠡᠭᠲᠡᠶ︔ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠬᠠᠮᠢᠶᠠᠷᠬᠤ ᠠᠵᠢᠯ ᠲᠥᠷᠥᠯ᠂ ᠠᠵᠤ ᠠᠬᠤᠶᠢᠯᠠᠯ ᠤᠨ ᠺᠠᠳ᠋ᠷ ᠠᠵᠢᠯᠲᠠᠨ ᠠᠵᠢᠯᠴᠢᠨ ᠢ ᠰᠢᠮᠳᠠᠭᠤᠯᠵᠤ ᠪᠠᠶᠢᠭᠠᠳ ᠳᠠᠩᠰᠠᠯᠠᠭᠤᠯᠬᠤ ᠶᠢ ᠲᠦᠷᠭᠡᠬᠡᠨ ᠪᠡᠶᠡᠯᠡᠭᠦᠯᠵᠦ᠂ ᠳᠠᠩᠰᠠᠯᠠᠭᠤᠯᠬᠤ ᠶᠢ ᠨᠢ ᠪᠦᠬᠦᠨ ᠢ ᠲᠠᠩᠰᠠᠯᠠᠭᠤᠯᠵᠦ᠂ ᠳᠠᠩᠰᠠᠯᠠᠭᠤᠯᠬᠤ ᠬᠠᠷᠠᠯᠲᠠ ᠶᠢ ᠪᠡᠶᠡᠯᠡᠭᠦᠯᠬᠦ ᠬᠡᠷᠡᠭᠲᠡᠶ᠃     ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠡᠯ᠎ᠡ ᠨᠢᠭᠡᠴᠡ 7 ᠳ᠋ᠤᠭᠠᠷ ᠰᠠᠷ᠎ᠠ ᠶᠢᠨ 15 ᠤ ᠡᠳᠦᠷ ᠳᠠᠩᠰᠠᠯᠠᠭᠤᠯᠤᠭᠰᠠᠨ ᠪᠠᠶᠢᠳᠠᠯ ᠢᠶᠠᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ 214 ᠠᠯᠪᠠᠨ ᠬᠡᠷ ᠲᠤ ᠮᠡᠳᠡᠭᠦᠯᠵᠦ᠂ ᠬᠤᠭᠤᠴᠠᠭ᠎ᠠ ᠨᠢ ᠥᠩᠭᠡᠷᠡᠭᠡᠳ ᠮᠡᠳᠡᠭᠦᠯᠦᠭᠰᠡᠨ ᠥᠬᠡᠶ ᠪᠤᠶᠤ ᠳᠠᠩᠰᠠᠯᠠᠭᠤᠯᠤᠭᠠᠳ ᠱᠠᠭᠠᠷᠳᠠᠯᠭ᠎ᠠ ᠳᠤ ᠬᠦᠷᠦᠭᠰᠡᠨ ᠥᠬᠡᠶ ᠶᠢ ᠨᠢ ᠵᠠᠷᠯᠠᠨ ᠮᠡᠳᠡᠭᠳᠡᠨ᠎ᠡ᠃     ᠮᠦᠩᠭᠡ ᠰᠣᠪᠠᠭ APP ᠶᠢ ᠳᠠᠩᠰᠠᠯᠠᠭᠤᠯᠬᠤ ᠠᠷᠭ᠎ᠠ᠄     1. ᠣᠶᠤᠨᠯᠢᠭ ᠭᠠᠷ ᠤᠲᠠᠰᠤ ᠶᠢᠨ ᠬᠡᠷᠡᠭᠯᠡᠭᠡᠨ ᠤ ᠳᠡᠯᠭᠡᠭᠦᠷ ᠠᠴᠠ ︽ᠮᠦᠩᠭᠡ ᠰᠣᠪᠠᠭ︾ ᠢ ᠡᠷᠢᠵᠦ᠂ ᠰᠠᠨᠠᠭᠤᠯᠤᠮᠵᠢ ᠶᠢᠨ ᠶᠣᠰᠣᠭᠠᠷ ᠪᠠᠭᠤᠯᠭᠠᠵᠤ — ᠤᠭᠰᠠᠷᠠᠵᠤ᠂ ᠦᠨᠡᠨ ᠨᠡᠷ᠎ᠡ ᠪᠠᠷ ᠢᠶᠠᠨ ᠭᠡᠷᠡᠴᠢᠯᠡᠬᠦ ᠶᠢ ᠪᠡᠶᠡᠯᠡᠭᠦᠯᠪᠡᠯ ᠪᠣᠯᠴᠢᠬᠠᠨ᠎ᠠ᠃     2. ᠬᠤᠶᠠᠷ ᠬᠡᠮᠵᠢᠯᠳᠦ ᠺᠣᠳ᠋ ᠢ ᠢᠯᠭᠠᠨ ᠲᠠᠨᠢᠵᠤ ᠪᠠᠭᠤᠯᠭᠠᠨ ᠤᠭᠰᠠᠷᠠᠵᠤ᠂ ᠰᠠᠨᠠᠭᠤᠯᠤᠮᠵᠢ ᠶᠢᠨ ᠶᠣᠰᠣᠭᠠᠷ ᠠᠵᠢᠯᠯᠠᠭᠤᠯᠬᠤ ᠶᠢ ᠪᠡᠶᠡᠯᠡᠭᠦᠯᠦᠨ᠎ᠡ᠃
                 
                 ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ                      2021 ᠣᠨ ᠤ 7 ᠰᠠᠷ᠎ᠠ ᠶᠢᠨ 5 ᠤ ᠡᠳᠣᠷ          ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ          ᠣᠷᠴᠢᠭᠤᠯᠤᠨᠨᠴᠢ᠄  ᠭᠧ ᠲᠣᠸᠠᠨ ᠯᠢᠶᠡᠨ
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号