| 8 ᠰᠠᠷ᠎ᠠ ᠶᠢᠨ 11 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠣᠶ ᠶᠢ ᠪᠡᠯᠭᠡᠯᠡᠵᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ | ᠭᠦᠨᠵᠡᠭᠡᠶᠢᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯᠭ᠎ᠠ ᠶᠢᠨ ᠥᠷᠭᠡᠨ ᠣᠯᠠᠨ | ᠨᠠᠮ ᠤᠨ ᠭᠡᠰᠢᠭᠦᠨ ᠺᠠᠳ᠋ᠷ ᠠᠵᠢᠯᠲᠠᠨ ᠤ ᠨᠠᠮ ᠤᠨ ᠲᠡᠤᠬᠡ ᠶᠢ ᠰᠤᠷᠤᠯᠴᠠᠬᠤ ᠢᠳᠡᠪᠬᠢᠵᠢᠯ᠂ ᠰᠠᠨᠠᠭᠠᠴᠢᠯᠠᠭᠠᠲᠤ | ᠴᠢᠨᠠᠷ ᠢ ᠭᠦᠢᠴᠡᠳ ᠳᠠᠶᠢᠴᠢᠯᠠᠬᠤ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠵᠠᠭᠤᠨ ᠵᠢᠯ ᠤᠨ ᠨᠠᠮ ᠤᠨ | ᠲᠡᠤᠬᠡ ᠶᠢ ᠰᠤᠷᠤᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠤᠭ ᠵᠢᠪᠬᠤᠭ᠎ᠠ ᠶᠢ | ᠪᠠᠳᠠᠷᠠᠭᠤᠯᠤᠶ᠎ᠠ︾ ᠭᠡᠬᠦ ᠰᠡᠳᠣᠪᠳᠦ ᠮᠡᠳᠡᠯᠭᠡ ᠶᠢᠨ ᠤᠷᠤᠯᠳᠤᠭᠠᠨ ᠶᠠᠪᠤᠭᠤᠯᠪᠠ᠃ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠡᠷᠬᠢᠯᠡᠭᠴᠢ ᠲᠢᠶᠠᠨ ᠱᠧᠩ᠂ ᠳᠡᠳ᠋ ᠡᠷᠬᠢᠯᠡᠭᠴᠢ ᠭᠤᠤ ᠰᠢᠶᠤᠤ ᠶᠢᠩ᠂ ᠲᠣᠭᠠᠷ᠂ ᠭᠤᠤ ᠵᠢᠶᠦ᠋ᠨ ᠶᠤᠸᠠᠢ | ᠂ ᠸᠠᠩ ᠯᠢᠩ ᠯᠦᠩ ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠤ ᠰᠢᠯᠭᠠᠷᠠᠭᠤᠯᠬᠤ ᠺᠣᠮᠢᠰ ᠤᠨ ᠭᠡᠰᠢᠭᠦᠨ ᠤ | ᠲᠤᠰᠢᠶᠠᠯ ᠢ ᠡᠭᠦᠷᠭᠡᠯᠡᠪᠡ᠃ ᠤᠷᠤᠯᠳᠤᠭᠠᠨ ᠳᠤ 12 ᠰᠤᠮᠤ ᠰᠢᠶᠠᠩ ᠪᠠᠯᠭᠠᠰᠤᠨ ᠤ ᠲᠥᠯᠥᠭᠡᠯᠡᠭᠴᠢᠳ ᠤᠨ ᠠᠩᠭᠢ | ᠪᠠ 6 ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ | ᠲᠥᠯᠥᠭᠡᠯᠡᠭᠴᠢᠳ ᠤᠨ ᠠᠩᠭᠢ ᠣᠷᠣᠯᠴᠠᠵᠠᠶ᠃ | | | | | ᠲᠣᠰ ᠤᠳᠠᠭᠠᠨ ᠤ ᠤᠷᠤᠯᠳᠤᠭᠠᠨ ᠳᠤ ᠲᠤᠬᠠᠶ ᠶᠢᠨ ᠲᠠᠯᠠᠪᠤᠷ ᠲᠤ ᠰᠡᠳᠦᠪ ᠬᠠᠷᠢᠭᠤᠯᠬᠤ ᠬᠡᠯᠪᠡᠷᠢ ᠶᠢ ᠠᠪᠴᠤ | ᠂ ᠰᠡᠳᠦᠪ ᠨᠢ ᠨᠠᠮ ᠤᠨ ᠲᠡᠤᠬᠡ᠂ ᠰᠢᠨ᠎ᠡ ᠳᠤᠮᠳᠠᠳᠤ ᠤᠯᠤᠰ ᠤᠨ ᠲᠡᠤᠬᠡ᠂ ᠥᠭᠡᠷᠡᠴᠢᠯᠡᠯᠲᠡ ᠨᠡᠭᠡᠭᠡᠯᠲᠡ ᠶᠢᠨ | ᠲᠡᠤᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠤᠬᠡ ᠵᠡᠷᠭᠡ ᠠᠭᠤᠯᠭ᠎ᠠ ᠶᠢ ᠬᠠᠮᠤᠷᠴᠠᠶ᠃ ᠬᠤᠪᠢ ᠬᠥᠮᠦᠨ ᠤ | ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠪᠠ ᠠᠶᠤᠯ ᠲᠦᠭᠰᠢᠭᠦᠷᠢ ᠶᠢᠨ ᠬᠠᠷᠢᠭᠤᠯᠬᠤ ᠰᠡᠳᠦᠪ | ᠵᠡᠷᠭᠡ ᠭᠤᠷᠪᠠᠨ ᠭᠤᠭᠴᠤᠭ᠎ᠠ ᠶᠢ ᠳᠣᠭᠢᠷᠠᠭᠤᠯᠵᠤ᠂ ᠣᠷᠣᠯᠴᠬᠠᠴᠢ ᠶᠢᠨ ᠮᠡᠳᠡᠯᠭᠡ ᠶᠢᠨ ᠨᠥᠭᠡᠴᠡ ᠪᠠ ᠪᠦᠯᠬᠦᠮ | ᠨᠡᠶᠢᠲᠡ ᠶᠢᠨ ᠬᠤᠭᠤᠷᠣᠨᠳᠣᠬᠢ ᠬᠠᠮᠵᠢᠯᠴᠠᠬᠤ ᠴᠢᠳᠠᠪᠤᠷᠢ ᠶᠢ ᠭᠦᠢᠴᠡᠳ ᠰᠢᠯᠭᠠᠨ ᠪᠠᠶᠢᠴᠠᠭᠠᠨᠨᠰᠠᠨ ᠪᠠᠶᠢᠨ᠎ᠠ᠃ | | | | | ᠬᠠᠮᠤᠭ ᠤᠨ ᠡᠴᠦᠰ ᠲᠤ᠂ ᠬᠦᠭᠡᠪᠦᠷ ᠪᠠᠯᠭᠠᠰᠤᠨ ᠤ ᠲᠥᠯᠥᠭᠡᠯᠡᠭᠴᠢᠳ ᠤᠨ ᠠᠩᠭᠢ ᠨᠢ ᠰᠤᠮᠤ ᠰᠢᠶᠠᠩ | ᠪᠠᠯᠭᠠᠰᠤᠨ ᠤ ᠳᠤᠭᠤᠶᠢᠯᠠᠩ ᠤᠨ ᠨᠢᠭᠡᠳᠦᠭᠡᠷ ᠲᠤ ᠣᠷᠣᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ | ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ ᠨᠢ ᠪᠠᠶᠢᠭᠤᠯᠤᠯᠭ᠎ᠠ ᠶᠢᠨ ᠳᠤᠭᠤᠶᠢᠯᠠᠩ ᠤᠨ ᠨᠢᠭᠡᠳᠦᠭᠡᠷ ᠲᠤ ᠣᠷᠣᠵᠠᠶ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ | ᠲᠢᠶᠠᠨ ᠱᠧᠩ᠂ ᠳᠡᠳ᠋ ᠡᠷᠬᠢᠯᠡᠭᠴᠢ ᠭᠤᠤ ᠰᠢᠶᠤᠤ ᠶᠢᠩ᠂ ᠲᠣᠭᠠᠷ᠂ ᠭᠤᠤ ᠵᠢᠶᠦ᠋ᠨ ᠶᠤᠸᠠᠢ᠂ ᠸᠠᠩ ᠯᠢᠩ ᠯᠦᠩ | ᠱᠠᠩᠨᠠᠯ ᠭᠥᠷᠳᠡᠭᠰᠡᠨ ᠡᠩᠨᠡᠭᠡ ᠳᠤ ᠢᠷᠠᠭᠤ ᠠᠯᠳᠠᠷ ᠤᠨ ᠦᠨᠡᠮᠯᠡᠯ ᠭᠠᠷᠳᠠᠭᠤᠯᠪᠠ᠃ | | | | | ᠲᠢᠶᠠᠨ ᠱᠧᠩ ᠳ᠋ᠦᠩᠨᠡᠯᠲᠡ ᠳᠡᠭᠡᠨ ᠵᠢᠭᠠᠵᠤ ᠭᠠᠷᠭᠠᠭᠰᠠᠨ ᠨᠢ᠂ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠠᠴᠠ ᠨᠠᠰᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ︽ᠨᠠᠮ ᠤᠨ ᠲᠡᠤᠬᠡ ᠶᠢ | ᠰᠤᠷᠤᠯᠴᠠᠵᠤ᠂ ᠦᠵᠡᠯ ᠰᠠᠨᠠᠭ᠎ᠠ ᠶᠢ ᠣᠶᠢᠯᠠᠭᠠᠵᠤ᠂ ᠪᠣᠳᠠᠲᠤ ᠶᠠᠪᠤᠳᠠᠯ ᠪᠦᠲᠦᠭᠡᠵᠦ᠂ ᠰᠢᠨ᠎ᠡ ᠪᠠᠶᠢᠳᠠᠯ ᠢ ᠨᠡᠭᠡᠭᠡᠬᠦ︾ | ᠶᠡᠷᠦᠩᠬᠡᠶ ᠱᠠᠭᠠᠷᠳᠠᠯᠭ᠎ᠠ ᠶᠢ ᠢᠳᠡᠪᠬᠢᠲᠡᠶ ᠦᠢᠯᠡᠳᠣᠯᠭᠡᠵᠢᠬᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ | ᠬᠢᠵᠦ ᠥᠭᠬᠦ︾ ᠶᠢ ᠰᠤᠷᠤᠯᠴᠠᠯᠭ᠎ᠠ ᠬᠥᠮᠦᠵᠢᠯ ᠤᠨ ᠪᠥᠬᠦ ᠶᠠᠪᠤᠴᠠ ᠳᠤ ᠲᠣᠭᠤᠰᠢᠯᠠᠭᠤᠯᠪᠠ᠃ ᠣᠯᠠᠨ ᠲᠦᠮᠡᠨ ᠤ | ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠠᠭᠤᠳᠠᠯ ᠢᠶᠠᠷ ᠡᠬᠢᠯᠡᠯᠲᠡ | ᠪᠣᠯᠭᠠᠵᠤ᠂ ᠰᠢᠶᠠᠩ ᠪᠠᠯᠭᠠᠰᠤ ᠶᠢ ᠳᠠᠭᠠᠭᠠᠴᠢᠯᠠᠨ ᠬᠤᠯᠪᠣᠭᠠᠯᠠᠬᠤ ᠪᠠᠷ ᠬᠥᠭᠦᠷᠭᠡ ᠪᠣᠯᠭᠠᠨ᠂ ᠦᠨᠡᠨ | ᠰᠡᠳᠬᠢᠯ ᠠᠴᠠ ᠪᠠᠨ ᠣᠯᠠᠨ ᠲᠦᠮᠡᠨ ᠳᠤ ᠪᠣᠳᠠᠲᠠᠶ ᠠᠵᠢᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠯᠠᠨ ᠲᠦᠮᠡᠨ ᠤ ᠬᠤᠭᠤᠷᠣᠨᠳᠣᠬᠢ | ᠬᠠᠶᠢᠷ᠎ᠠ ᠰᠡᠳᠬᠢᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠣᠯᠠᠨ ᠤ ᠬᠦᠷᠲᠡᠮᠵᠢ ᠶᠢᠨ ᠰᠡᠳᠬᠢᠭᠳᠡᠯ ᠪᠣᠯᠤᠨ | ᠵᠣᠯ ᠵᠢᠷᠭᠠᠯ ᠤᠨ ᠰᠡᠳᠬᠢᠭᠳᠡᠯ ᠢ ᠳᠡᠭᠡᠭᠰᠢᠯᠡᠭᠦᠯᠦᠨ᠎ᠡ᠃ ᠲᠣᠰ ᠤᠳᠠᠭᠠᠨ ᠤ ᠡᠷᠭᠢᠯᠡᠭᠰᠡᠨ ᠨᠠᠮ ᠤᠨ ᠲᠡᠤᠬᠡ ᠶᠢᠨ | ᠮᠡᠳᠡᠯᠭᠡ ᠶᠢᠨ ᠤᠷᠤᠯᠳᠤᠭᠠᠨ ᠪᠣᠯ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠮ | ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠴᠢᠬᠤᠯᠠ ᠠᠭᠤᠯᠭ᠎ᠠ ᠶᠢᠨ ᠨᠢᠭᠡ ᠪᠣᠯᠤᠨ᠎ᠠ᠂ ᠡᠷᠭᠢᠯᠡᠭᠰᠡᠨ | ᠵᠣᠷᠢᠯᠭ᠎ᠠ ᠨᠢ ᠨᠢᠭᠡ ᠲᠠᠯ᠎ᠠ ᠪᠠᠷ ᠨᠠᠮ ᠤᠨ ᠲᠡᠤᠬᠡ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠨᠠᠮ ᠳᠠᠭᠠᠨ ᠬᠠᠶᠢᠷᠠᠲᠠᠶ | ᠪᠠᠶᠢᠬᠤ ᠪᠠᠨ ᠢᠯᠡᠳᠬᠡᠬᠦ ᠶᠢᠨ ᠲᠥᠯᠥᠭᠡ ᠶᠤᠮ︔ ᠨᠥᠭᠦᠭᠡ ᠲᠠᠯ᠎ᠠ ᠪᠠᠷ᠂ ᠮᠥᠨ ᠴᠦ ᠤᠷᠤᠯᠳᠤᠭᠠᠨ ᠢᠶᠠᠷ ᠳᠡᠮᠵᠢᠨ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠡᠯ᠎ᠡ ᠰᠤᠮᠤ ᠰᠢᠶᠠᠩ ᠪᠠᠯᠭᠠᠰᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠯᠳᠤ ᠬᠠᠷᠢᠯᠴᠠᠭ᠎ᠠ ᠶᠢ ᠦᠨᠡᠨ ᠬᠦ ᠴᠢᠩᠭᠠᠳᠬᠠᠵᠤ᠂ ᠡᠯ᠎ᠡ | ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠷᠣᠨᠳᠣᠬᠢ ᠬᠥᠨᠳᠡᠯᠡᠨ | ᠰᠣᠯᠢᠯᠴᠠᠭ᠎ᠠ ᠶᠢ ᠴᠢᠩᠭᠠᠳᠬᠠᠨ᠂ ᠬᠠᠷᠢᠯᠴᠠᠨ ᠨᠡᠪᠲᠡᠷᠡᠯᠴᠡᠵᠦ᠂ ᠬᠠᠮᠲᠤ ᠪᠠᠷ ᠰᠤᠷᠤᠯᠴᠠᠬᠤ ᠵᠣᠷᠢᠯᠭ᠎ᠠ ᠳᠠᠭᠠᠨ | ᠬᠦᠷᠴᠦ᠂ ᠰᠢᠨ᠎ᠡ ᠡᠭᠦᠷᠭᠡᠯᠡᠯ ᠢᠶᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃ | | | | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | | ᠣᠷᠴᠢᠭᠤᠯᠤᠨᠨᠴᠢ᠄ ᠭᠧ ᠲᠣᠸᠠᠨ ᠯᠢᠶᠡᠨ |