| 2021 ᠣᠨ ᠤ ᠠᠩᠬᠠᠨ ᠤ ᠴᠠᠰᠤ ᠣᠷᠣᠵᠦ᠂ ᠳᠤᠯᠠᠭᠠᠨ ᠤ ᠬᠡᠮᠵᠢᠶ᠎ᠡ ᠳᠣᠷᠣᠭᠰᠢᠯᠠᠬᠤ ᠵᠡᠷᠭᠡ | ᠰᠢᠯᠲᠠᠭᠠᠨ ᠠᠴᠠ ᠪᠤᠯᠵᠤ᠂ ᠵᠠᠮ ᠳᠡᠭᠡᠷ᠎ᠡ ᠴᠠᠰᠤ ᠬᠤᠷᠠᠵᠤ ᠮᠥᠰᠥ ᠬᠥᠯᠳᠡᠵᠦ᠂ ᠵᠠᠮ ᠤᠨ ᠭᠠᠳᠠᠷᠭᠤ | ᠬᠠᠯᠲᠤᠷᠢᠬᠤ ᠳᠤ ᠬᠦᠷᠪᠡ᠃ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠵᠤ᠂ ᠰᠠᠭᠤᠭᠠᠯᠢ ᠠᠷᠠᠳ ᠤᠨ | ᠶᠠᠪᠤᠵᠤ ᠰᠠᠭᠤᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠴᠠᠰᠤ ᠠᠷᠢᠯᠭᠠᠬᠤ ᠰᠠᠨᠠᠭᠠᠴᠢᠯᠠᠭ᠎ᠠ ᠶᠢ ᠢᠳᠡᠪᠬᠢᠲᠡᠶ ᠳᠠᠭᠠᠵᠤ ᠪᠠᠶᠢᠨ᠎ᠠ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠬᠡᠪᠦᠷ ᠪᠠᠯᠭᠠᠰᠣᠨ ᠤ ᠸᠧᠢ ᠯᠠᠨ ᠪᠠᠭ᠎ᠠ | ᠲᠣᠭᠤᠷᠢᠭ ᠲᠤ᠂ ᠲᠠᠭᠠᠭᠠᠴᠢᠯᠠᠵᠦ ᠪᠠᠶᠢᠭ᠎ᠠ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠶᠠᠭ ᠰᠠᠶᠢᠬᠠᠨ | ᠴᠠᠰᠤ ᠠᠷᠢᠯᠭᠠᠨ᠂ ᠬᠦᠷ ᠬᠥᠭᠵᠢᠶᠡᠨ ᠲᠠᠢ ᠠᠵᠢᠯᠯᠠᠵᠤ᠂ ᠲᠡᠳᠡᠨ ᠤ ᠰᠡᠳᠬᠢᠯ ᠰᠠᠨᠠᠭ᠎ᠠ ᠪᠠᠨ ᠨᠢᠭᠡᠳᠬᠡᠨ | ᠬᠠᠮᠵᠢᠯᠴᠠᠵᠤ᠂ ᠡᠷᠴᠢ ᠵᠣᠷᠢᠭ ᠲᠡᠭᠦᠯᠳᠡᠷ ᠪᠠᠶᠢᠵᠤ᠂ ᠶᠠᠭᠠᠷᠠᠯᠲᠠᠢ ᠠᠵᠢᠯᠯᠠᠭ᠎ᠠ ᠪᠠᠷ ᠢᠶᠠᠨ ᠦᠵᠡᠰᠬᠦᠯᠡᠩᠲᠦ ᠰᠠᠶᠢᠬᠠᠨ | ᠦᠵᠡᠮᠵᠢ ᠶᠢᠨ ᠣᠷᠣᠨ ᠢ ᠪᠦᠷᠢᠯᠳᠦᠭᠦᠯᠵᠡᠢ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠺᠠᠳ᠋ᠷ ᠮᠧᠩ | ᠰᠢᠶᠠᠩ ᠷᠦᠢ ᠬᠡᠯᠡᠬᠦ ᠳᠡᠭᠡᠨ᠄ ᠮᠠᠨ ᠤ ᠲᠣᠰ ᠤᠳᠠᠭᠠᠨ ᠤ ᠴᠠᠰᠤ ᠠᠷᠢᠯᠭᠠᠬᠤ ᠠᠵᠢᠯᠯᠠᠭ᠎ᠠ ᠨᠢ ᠣᠯᠠᠨ ᠲᠦᠮᠡᠨ ᠤ | ᠶᠠᠪᠤᠵᠤ ᠰᠠᠭᠤᠬᠤ ᠳᠤ ᠲᠥᠬᠦᠮ ᠦᠵᠡᠭᠦᠯᠦᠭᠰᠡᠨ ᠢᠶᠠᠷ ᠪᠠᠷᠠᠬᠤ ᠥᠬᠡᠶ᠂ ᠠᠷᠠᠳ ᠤᠨ ᠲᠥᠯᠥᠭᠡ ᠪᠣᠳᠠᠲᠠᠶ ᠠᠵᠢᠯ | ᠬᠢᠬᠦ ᠠᠵᠢᠯᠯᠠᠭ᠎ᠠ ᠳᠤ ᠴᠤ ᠥᠩᠭᠡ ᠪᠤᠳᠤᠭ ᠨᠡᠮᠡᠷᠢᠯᠡᠭᠰᠡᠨ ᠪᠠᠶᠢᠨ᠎ᠠ ᠭᠡᠵᠡᠶ᠃ | | | | | ᠴᠠᠰᠤ ᠠᠷᠢᠯᠭᠠᠬᠤ ᠶᠠᠪᠤᠴᠠ ᠳᠤ᠂ ᠡᠯ᠎ᠡ ᠨᠢᠭᠡᠴᠡ ᠶᠢᠨ ᠨᠠᠮ ᠤᠨ ᠭᠡᠰᠢᠭᠦᠨ ᠺᠠᠳ᠋ᠷ᠂ ᠰᠠᠭᠤᠭᠠᠯᠢ | ᠲᠣᠭᠤᠷᠢᠭ ᠤᠨ ᠠᠷᠠᠳ᠂ ᠰᠠᠶᠢᠨ ᠳᠤᠷ᠎ᠠ ᠶᠢᠨ ᠦᠢᠯᠡᠴᠢᠯᠡᠭᠴᠢᠳ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ | ᠤᠯᠠᠨ ᠢᠶᠠᠷ ᠢᠶᠠᠨ ᠬᠦᠴᠢᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ᠂ ᠬᠦᠢᠳᠡᠨ ᠠᠴᠠ ᠠᠶᠤᠬᠤ | ᠦᠭᠡᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠢᠯ ᠢᠶᠠᠨ ᠬᠤᠪᠢᠳᠠᠨ ᠬᠠᠮᠲᠤᠷᠠᠯᠴᠠᠵᠤ᠂ ᠠᠷᠢᠯᠭᠠᠬᠤ ᠶᠢ ᠨᠢ | ᠠᠷᠢᠯᠭᠠᠵᠤ᠂ ᠱᠦᠬᠦᠷᠳᠡᠬᠦ ᠨᠢ ᠱᠦᠭᠦᠷᠳᠡᠵᠦ᠂ ᠤᠳᠠᠭᠰᠠᠨ ᠦᠭᠡᠢ ᠵᠤᠵᠠᠭᠠᠨ ᠴᠠᠰᠤ ᠶᠢ ᠤᠯᠠᠨ ᠢᠶᠠᠷ ᠢᠶᠠᠨ | ᠴᠡᠪᠡᠷᠯᠡᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠠᠮᠤᠷ ᠲᠦᠪᠰᠢᠨ ᠶᠠᠪᠤᠵᠤ ᠰᠠᠭᠤᠬᠤ ᠣᠷᠴᠢᠨ | ᠲᠣᠭᠤᠷᠢᠨ ᠢ ᠬᠠᠩᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠬᠠᠮᠲᠤ | ︽ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠥᠮᠦᠨ ᠪᠦᠬᠦᠨ ᠭᠠᠷ | ᠬᠦᠳᠠᠯᠣᠯᠴᠡᠨ ᠣᠷᠣᠯᠴᠠᠬᠤ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃ ︽ᠪᠥᠬᠦ | ᠠᠷᠠᠳ ᠢᠶᠠᠷ ᠢᠶᠠᠨ ᠣᠷᠣᠯᠴᠠᠵᠤ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠲᠣᠰ | ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠬᠠᠮᠵᠢᠯᠴᠠᠨ ᠠᠬᠢᠭᠤᠯᠬᠤ︾ ᠰᠢᠨ᠎ᠡ ᠪᠠᠶᠢᠳᠠᠯ ᠢ ᠪᠣᠢ ᠪᠣᠯᠭᠠᠪᠠ | ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ ᡁᠢ ᠶᠦᠩ ᠹᠧᠩ ᠢᠯᠡᠷᠬᠡᠶᠢᠯᠡᠬᠦ ᠳᠡᠭᠡᠨ᠄ ᠡᠨᠡ ᠤᠳᠠᠭ᠎ᠠ ᠶᠢᠨ | ᠴᠠᠰᠤ ᠨᠡᠯᠢᠶᠡᠳ ᠶᠡᠭᠡ᠂ ᠠᠭᠠᠷ ᠤᠨ ᠳᠤᠯᠠᠭᠠᠨ ᠨᠡᠯᠢᠶᠡᠳ ᠳᠣᠣᠷ᠎ᠠ᠂ ᠭᠠᠵᠠᠷ ᠳᠡᠭᠡᠷᠡᠬᠢ ᠴᠠᠰᠤ ᠳᠠᠷᠤᠭᠳᠠᠭᠠᠳ | ᠮᠥᠰᠥ ᠪᠤᠯᠵᠤ᠂ ᠴᠠᠰᠤ ᠠᠷᠢᠯᠭᠠᠬᠤ ᠠᠵᠢᠯ ᠳᠤ ᠵᠣᠬᠢᠬᠤ ᠬᠦᠴᠢᠷᠳᠡᠯ ᠤᠴᠠᠷᠠᠭᠤᠯᠪᠠ᠂ ᠪᠢᠳᠡ ᠪᠠᠰᠠ ᠥᠷᠭᠡᠨ | ᠤᠯᠠᠨ ᠺᠠᠳ᠋ᠷ ᠤᠯᠠᠨ ᠲᠦᠮᠡᠨ ᠢ ᠰᠠᠨᠠᠭᠠᠴᠢᠯᠠᠵᠤ᠂ ᠤᠯᠠᠨ ᠢᠶᠠᠷ ᠢᠶᠠᠨ ᠢᠳᠡᠪᠬᠢᠲᠡᠢ ᠬᠥᠳᠡᠯᠦᠯᠴᠡᠵᠦ᠂ ᠬᠤᠷᠠᠭᠰᠠᠨ | ᠴᠠᠰᠤ ᠶᠢ ᠴᠡᠪᠡᠷᠯᠡᠬᠦ ᠡᠩᠨᠡᠭᠡ ᠳᠤ ᠣᠷᠣᠯᠴᠠᠵᠤ᠂ ᠠᠮᠤᠷ ᠲᠦᠪᠰᠢᠨ᠂ ᠰᠠᠭᠠᠳ ᠦᠭᠡᠢ᠂ ᠪᠣᠯᠪᠠᠰᠤᠨ ᠬᠤᠳᠠ ᠶᠢᠨ | ᠣᠷᠴᠢᠨ ᠲᠣᠭᠤᠷᠢᠨ ᠢ ᠪᠠᠶᠢᠭᠤᠯᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠬᠦ ᠶᠢ ᠰᠠᠨᠠᠭᠠᠴᠢᠯᠠᠶ᠎ᠠ᠃ | | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | | ᠣᠷᠴᠢᠭᠤᠯᠤᠨᠨᠴᠢ᠄ ᠭᠧ ᠲᠣᠸᠠᠨ ᠯᠢᠶᠡᠨ | |