ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ︽ᠵᠡᠮᠳᠡᠭ ᠴᠡᠷᠢᠭ ᠤᠨ ᠦᠨᠡᠮᠯᠡᠯ︾ ᠰᠣᠯᠢᠵᠤ ᠣᠯᠭᠤᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2021/3/31
    ᠵᠡᠮᠳᠡᠭᠴᠦᠳ ᠢ ᠬᠠᠷᠠᠭᠠᠯᠵᠠᠬᠤ ᠡᠲᠡᠭᠡᠳ ᠲᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ︽ᠵᠡᠮᠳᠡᠭ ᠴᠡᠷᠢᠭ ᠤᠨ ᠦᠨᠡᠮᠯᠡᠯ︾ ᠰᠣᠯᠢᠵᠤ ᠣᠯᠭᠤᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃     ᠦᠨᠡᠮᠯᠡᠯ ᠰᠣᠯᠢᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠷᠠᠭᠤᠯᠵᠤ᠂ ᠦᠢᠯᠡᠴᠢᠯᠡᠬᠦ ᠡᠲᠡᠭᠡᠳ ᠲᠠᠢ ᠪᠠᠨ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠳ᠋ᠢᠶᠠᠩᠬᠤᠸᠠ᠂ ᠸᠢᠴᠠᠲ ᠵᠡᠷᠭᠡ ᠠᠷᠭ᠎ᠠ ᠬᠡᠯᠪᠡᠷᠢ ᠪᠠᠷ ᠦᠨᠡᠮᠯᠡᠯ ᠰᠣᠯᠢᠬᠤ ᠳᠤ ᠲᠤᠰᠢᠶᠠᠬᠤ ᠴᠢᠬᠤᠯᠠᠲᠠᠶ ᠮᠠᠲ᠋ᠧᠷᠢᠶᠠᠯ ᠢ ᠨᠠᠷᠢᠨ ᠲᠣᠳᠣᠷᠬᠠᠶ ᠮᠡᠳᠡᠭᠳᠡᠵᠡᠶ᠃ ᠲᠣᠰ ᠤᠳᠠᠭᠠᠨ ᠤ ᠦᠨᠡᠮᠯᠡᠯ ᠰᠣᠯᠢᠬᠤ ᠠᠵᠢᠯ ᠳᠤ᠂ ᠪᠡᠶ᠎ᠡ ᠶᠢᠨ ᠬᠢᠷᠢ ᠬᠡᠮ ᠨᠢ ᠣᠨᠣᠪᠴᠢᠲᠠᠶ᠂ ᠦᠢᠯᠡᠴᠢᠯᠡᠭᠡ ᠨᠢ ᠨᠠᠷᠢᠯᠢᠭ᠂ ᠲᠠᠩᠰᠠ ᠡᠪᠬᠡᠮᠡᠯ ᠨᠢ ᠪᠦᠷᠢᠨ ᠪᠠᠶᠢᠬᠤ ᠵᠠᠷᠴᠢᠮ ᠶᠣᠰᠣᠭᠠᠷ ᠵᠡᠮᠳᠡᠭ ᠬᠥᠮᠦᠰ ᠢ ᠬᠢᠨᠠᠮᠠᠭᠠᠶ ᠬᠢᠨᠠᠨ ᠬᠠᠷᠭᠤᠭᠤᠯᠵᠤ ᠵᠢᠭᠰᠠᠭᠠᠨ ᠪᠠᠶᠢᠴᠠᠭᠠᠵᠤ᠂ ᠨᠢᠭᠡ ᠬᠥᠮᠦᠨ ᠢ ᠪᠤᠷᠤᠭᠤ ᠪᠠᠷ ᠰᠣᠯᠢᠬᠤ ᠦᠭᠡᠢ᠂ ᠨᠢᠭᠡ ᠬᠥᠮᠦᠨ ᠢ ᠴᠦ  ᠣᠷᠬᠢᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠦ᠂ ᠡᠭᠦᠨ ᠤ ᠬᠠᠮᠲᠤ ᠡᠨᠡᠬᠦ ᠦᠨᠡᠮᠯᠡᠯ ᠰᠣᠯᠢᠬᠤ ᠠᠵᠢᠯ ᠢᠶᠠᠷ ᠠᠵᠠ ᠲᠣᠬᠢᠶᠠᠯ ᠪᠣᠯᠭᠠᠵᠤ ᠪᠤᠢ ᠪᠦᠬᠦᠢ ᠵᠡᠮᠳᠡᠭᠴᠦᠳ ᠤᠨ ᠳᠠᠩᠰᠠ ᠡᠪᠬᠡᠮᠡᠯ ᠢ ᠡᠮᠬᠢᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠳᠤ ᠪᠠᠲᠤ ᠪᠠᠬᠢ ᠰᠠᠭᠤᠷᠢ ᠶᠢ ᠪᠠᠬᠢᠵᠢᠭᠦᠯᠵᠦ ᠦᠭᠭᠦᠭᠰᠡᠨ ᠪᠠᠶᠢᠨ᠎ᠠ  ᠃            ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ  ᠬᠠᠮ ᠵᠠᠭᠤᠴᠢᠯᠠᠭᠤᠷ ᠤᠨ ᠲᠥᠪ       ᠣᠷᠴᠢᠭᠤᠯᠣᠨᠨᠴᠢ᠄  ᠬᠠᠶᠢᠷᠬᠠᠨ      
 
ᠢᠷᠡᠯᠲᠡ᠄ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号