︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ︿ᠮᠦᠩᠭᠡ ᠰᠣᠪᠠᠭ · ᠨᠢᠭᠡ ᠯᠡ ᠤᠳᠠᠭ᠎ᠠ ᠲᠡᠭᠡᠷ᠎ᠡ ᠬᠦᠢᠴᠡᠳᠭᠡᠬᠦ﹀ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/4/24
      ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ ᠳᠤ᠄     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ︿ᠮᠦᠩᠭᠡ ᠰᠣᠪᠠᠭ · ᠨᠢᠭᠡ ᠯᠡ ᠤᠳᠠᠭ᠎ᠠ ᠲᠡᠭᠡᠷ᠎ᠡ ᠬᠦᠢᠴᠡᠳᠭᠡᠬᠦ﹀ ᠠᠵᠢᠯ ᠤᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠲᠤᠭᠠᠶ᠃                     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ                              2021 ᠣᠨ ᠤ 3 ᠰᠠᠷ᠎ᠠ ᠶᠢᠨ 31 ᠤ ᠡᠳᠣᠷ     ᠬᠠᠭᠤᠯᠤᠨ ᠬᠦᠷᠭᠡᠬᠦ᠄  ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ                ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ                             2021 ᠣᠨ ᠤ 3 ᠰᠠᠷ᠎ᠠ ᠶᠢᠨ 31 ᠤ ᠡᠳᠣᠷ ᠳᠠᠷᠤᠮᠠᠯᠯᠠᠨ ᠲᠠᠷᠬᠠᠭᠠᠪᠠ     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ︽ᠮᠦᠩᠭᠡ ᠰᠣᠪᠠᠭ · ᠨᠢᠭᠡ ᠯᠡ ᠤᠳᠠᠭ᠎ᠠ ᠲᠡᠭᠡᠷ᠎ᠡ ᠬᠦᠢᠴᠡᠳᠭᠡᠬᠦ  ︾ ᠠᠵᠢᠯ ᠤᠨ ᠬᠡᠷᠡᠭᠵᠢᠭᠦᠯᠬᠦ ᠲᠥᠰᠦᠯ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ           ᠪᠥᠬᠦ ᠤᠯᠤᠰ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠬᠡᠨ ᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠴᠠᠪ ᠬᠤᠲᠠ ᠶᠢᠨ ︽ᠮᠦᠩᠭᠡ ᠰᠣᠪᠠᠭ · ᠨᠢᠭᠡ ᠯᠡ ᠤᠳᠠᠭ᠎ᠠ ᠲᠡᠭᠡᠷ᠎ᠡ ᠬᠦᠢᠴᠡᠳᠭᠡᠬᠦ︾ ᠢ ᠪᠥᠬᠦ ᠲᠠᠯ᠎ᠠ ᠪᠠᠷ ᠬᠡᠷᠡᠭᠵᠢᠭᠦᠯᠬᠦ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃     ᠨᠢᠭᠡ᠂ ᠭᠤᠤᠯ ᠬᠠᠷᠠᠯᠲᠠ     ᠠᠵᠤ ᠠᠬᠤᠶᠢᠯᠠᠯ ᠪᠠ ᠣᠯᠠᠨ ᠲᠦᠮᠡᠨ ᠤ ᠥᠨᠳᠥᠷ ᠳᠠᠪᠲᠠᠮᠵᠢ ᠪᠠᠷ ᠭᠦᠢᠴᠡᠳᠭᠡᠬᠦ ᠤᠴᠢᠷ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠬᠢᠯᠡᠨ ᠨᠡᠶᠢᠯᠡᠭᠦᠯᠬᠦ ᠪᠠ ᠠᠯᠬᠤᠮ ᠳᠠᠷᠠᠭ᠎ᠠ ᠶᠢ ᠳᠠᠬᠢᠨ ᠵᠣᠬᠢᠶᠠᠬᠤ ᠪᠠᠷ ᠳᠡᠮᠵᠢᠨ ᠂ ᠣᠯᠠᠨ ᠰᠠᠯᠠᠭ᠎ᠠ ᠮᠥᠴᠢᠷ ᠲᠤ ᠣᠴᠢᠵᠤ ᠭᠦᠢᠴᠡᠳᠭᠡᠬᠦ ᠴᠢᠬᠤᠯᠠᠲᠠᠶ ᠪᠤᠶᠤ ᠣᠯᠠᠨ ᠵᠦᠢᠯ ᠤᠨ ᠬᠠᠮᠢᠶ᠎ᠠ ᠪᠥᠬᠦᠶ ︽ᠣᠯᠠᠨ ᠶᠠᠪᠤᠳᠠᠯ︾ ᠢ ᠠᠵᠤ ᠠᠬᠤᠶᠢᠯᠠᠯ ᠪᠠ ᠣᠯᠠᠨ ᠲᠦᠮᠡᠨ ᠤ ᠨᠢᠳᠦᠨ ᠳᠤ ᠪᠤᠶᠤ ᠴᠣᠩᠬᠤᠨ ᠳᠤ ᠨᠢᠭᠡᠳᠦᠯᠲᠡᠶ ᠭᠦᠢᠴᠡᠳᠭᠡᠬᠦ ︽ᠨᠢᠭᠡ ᠯᠡ ᠶᠠᠪᠤᠳᠠᠯ︾ ᠪᠣᠯᠭᠠᠨ ᠬᠤᠪᠢᠷᠠᠭᠤᠯᠤᠨ᠎ᠠ᠃ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠢᠵᠢ ᠬᠦᠰᠦᠨᠦᠭ ᠬᠠᠭᠤᠳᠠᠰᠤ᠂ ᠨᠢᠭᠡ ᠤᠳᠠᠭ᠎ᠠ ᠳᠤ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠤᠳᠠᠭ᠎ᠠ ᠳᠤ ᠬᠠᠮᠲᠤᠷᠠᠨ ᠭᠦᠢᠴᠡᠳᠭᠡᠬᠦ᠂ ᠨᠢᠭᠡ ᠤᠳᠠᠭ᠎ᠠ ᠳᠤ ᠳᠠᠭᠤᠰᠬᠠᠬᠤ᠂ ᠨᠢᠭᠡ ᠴᠣᠩᠬᠤ ᠪᠠᠷ ᠦᠨᠡᠮᠯᠡᠯ ᠣᠯᠭᠤᠬᠤ︾ ᠶᠢ ᠭᠠᠷᠳᠠᠮ  ᠭᠦᠢᠴᠡᠳᠭᠡᠬᠦ ᠶᠢ ᠬᠡᠷᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠢᠵᠢ ᠦᠢᠯᠡᠴᠢᠯᠡᠬᠡᠨ ᠤ ᠮᠠᠶ᠋ᠢᠭ ᠤᠨ᠂ ᠭᠤᠤᠯ ᠰᠡᠳᠦᠪᠲᠦ ᠮᠠᠶ᠋ᠢᠭ ᠤᠨ ᠬᠤᠷᠠᠮᠠᠯ ᠦᠢᠯᠡᠴᠢᠯᠡᠭᠡ ᠬᠠᠩᠭᠠᠵᠤ᠂ ᠰᠠᠯᠠᠭ᠎ᠠ ᠮᠥᠴᠢᠷ ᠠᠴᠠ ᠨᠢᠭᠡ ᠤᠴᠢᠷ ᠶᠠᠪᠤᠳᠠᠯ ᠢ ᠬᠢᠨᠠᠨ ᠵᠥᠪᠰᠢᠶᠡᠷᠡᠬᠦ ᠠᠴᠠ ᠦᠢᠯᠡᠴᠢᠯᠡᠬᠡᠨ ᠤ ᠠᠵᠤ ᠠᠬᠤᠶᠢᠯᠠᠯ ᠪᠠ ᠣᠯᠠᠨ ᠲᠦᠮᠡᠨ ᠳᠤ ︽ᠨᠢᠭᠡ  ᠶᠠᠪᠤᠳᠠᠯ︾ ᠳᠠᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃     ᠬᠤᠶᠠᠷ᠂ ᠭᠤᠣᠯ ᠡᠭᠦᠷᠭᠡ     ︵ᠨᠢᠭᠡ︶ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠦᠨ ᠳᠠᠬᠢᠨ ᠪᠣᠶ ᠪᠣᠯᠭᠠᠨ᠎ᠠ᠃ ︽ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠥᠪᠡᠷ ᠤᠨ ᠥᠷᠲᠡᠭ ᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ︾ ᠪᠠᠷ ᠵᠠᠷᠴᠢᠮ ᠪᠣᠯᠭᠠᠵᠤ᠂ ᠣᠲᠣ ᠶᠢᠨ ᠪᠠᠶᠢᠭ᠎ᠠ ᠴᠤᠪᠤᠷᠠᠯ ᠤᠨ ᠰᠠᠭᠤᠷᠢᠨ ᠳᠡᠭᠡᠷ᠎ᠡ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ ︽ᠨᠢᠭᠡ ᠯᠡ ᠤᠳᠠᠭ᠎ᠠ ᠳᠤ ᠭᠦᠢᠴᠡᠳᠭᠡᠬᠦ︾ ᠵᠦᠢᠯᠡᠰ ᠢ ᠭᠦᠢᠴᠡᠳᠭᠡᠬᠦ ᠭᠤᠭᠴᠤᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠮᠠᠲ᠋ᠧᠷᠢᠶᠠᠯ ᠢ ᠴᠣᠮᠬᠠᠳᠬᠠᠨ᠂ ᠴᠤᠪᠤᠷᠠᠯ ᠢ ᠨᠡᠶᠢᠯᠡᠭᠦᠯᠵᠦ᠂ ᠴᠠᠭ ᠤᠨ ᠬᠢᠵᠠᠭᠠᠷ ᠢ ᠪᠠᠭᠠᠰᠬᠠᠨ᠂ ᠲᠤᠬᠠᠶᠢᠯᠠᠭᠰᠠᠨ ᠠᠵᠢᠯ ᠢ ᠡᠮᠬᠢᠯᠡᠨ ᠨᠡᠶᠢᠯᠡᠭᠦᠯᠬᠦ ᠪᠠ ᠴᠤᠪᠤᠷᠠᠯ ᠢ ᠳᠠᠬᠢᠨ ᠵᠣᠬᠢᠶᠠᠬᠤ ᠶᠢ ᠠᠬᠢᠭᠤᠯᠵᠤ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠲᠥᠪᠯᠡᠷᠡᠭᠦᠯᠦᠨ ᠦᠢᠯᠡᠴᠢᠯᠡᠬᠦ᠂ ᠨᠢᠭᠡᠳᠦᠯᠲᠡᠶ ᠬᠠᠷᠢᠭᠤ ᠲᠤᠰᠬᠠᠬᠤ ᠶᠢ ᠪᠡᠶᠡᠯᠡᠭᠦᠯᠦᠨ᠎ᠡ᠃       ︵ᠬᠤᠶᠠᠷ︶ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠨᠠᠶᠢᠷᠠᠭᠤᠯᠤᠨ ᠵᠣᠬᠢᠶᠠᠵᠤ ᠨᠡᠶᠢᠲᠡᠯᠡᠨ᠎ᠡ᠃ ᠣᠲᠣ ᠶᠢᠨ ᠪᠠᠶᠢᠭ᠎ᠠ ᠠᠵᠢᠯ ᠶᠠᠪᠤᠳᠠᠯ ᠭᠦᠢᠴᠡᠳᠭᠡᠬᠦ ᠵᠢᠭᠠᠯᠲᠠ ᠶᠢᠨ ᠰᠠᠭᠤᠷᠢᠨ ᠳᠡᠭᠡᠷ᠎ᠡ᠂ ᠮᠠᠨ ᠤ ᠬᠤᠰᠢᠭᠤᠨ ᠤ ᠪᠣᠳᠠᠲᠠᠶ ᠪᠠᠶᠢᠳᠠᠯ ᠢ ᠦᠨᠳᠦᠰᠦᠯᠡᠨ ︽ᠨᠢᠭᠡ ᠶᠠᠪᠤᠳᠠᠯ︾ ᠳᠤ ᠬᠤᠯᠪᠣᠭᠳᠠᠬᠤ ᠦᠨᠳᠦᠰᠦᠯᠡᠯ᠂ ᠨᠥᠬᠦᠴᠡᠯ᠂ ᠲᠠᠰ ᠳᠠᠷᠠᠭᠠᠯᠠᠯ᠂ ᠴᠠᠭ ᠬᠤᠭᠤᠴᠠᠭ᠎ᠠ᠂  ᠭᠦᠢᠴᠡᠳᠭᠡᠬᠦ ᠠᠷᠭ᠎ᠠ ᠮᠠᠶ᠋ᠢᠭ᠂ ᠮᠡᠳᠡᠭᠦᠯᠬᠦ ᠮᠠᠲ᠋ᠧᠷᠢᠶᠠᠯ ᠵᠡᠷᠭᠡ ᠬᠦᠴᠦᠨ ᠵᠦᠢᠯ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠭᠦᠢᠴᠡᠳᠭᠡᠬᠦ ᠶᠠᠪᠤᠴᠠ᠂ ᠮᠡᠳᠡᠭᠦᠯᠬᠦ ᠴᠢᠬᠤᠯᠠ ᠨᠥᠬᠦᠴᠡᠯ᠂ ᠭᠦᠢᠴᠡᠳᠭᠡᠬᠦ ᠴᠠᠭ ᠤᠨ ᠬᠢᠵᠠᠭᠠᠷ ᠵᠢᠴᠢ ᠠᠰᠠᠭᠤᠨ ᠯᠠᠪᠯᠠᠬᠤ ᠤᠲᠠᠰᠤ ᠵᠡᠷᠭᠡ ᠶᠢ ᠭᠤᠤᠯᠳᠠᠯᠭ᠎ᠠ ᠲᠠᠢ ᠵᠢᠭᠰᠠᠭᠠᠨ ᠲᠣᠳᠣᠷᠬᠠᠶᠢᠯᠠᠨ᠎ᠠ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ᠂  ︽ᠮᠦᠩᠭᠡ ᠰᠣᠪᠠᠭ︾ ᠤᠨ ᠰᠢᠯᠵᠢᠮᠡᠯ ᠲᠠᠪᠴᠡᠩ᠂ ᠶᠡᠭᠡ ᠲᠢᠩᠬᠢᠮ ᠤᠨ ᠵᠠᠷᠯᠠᠯ ᠤᠨ ᠫᠠᠶᠢᠰᠠ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠣᠯᠠᠨ ᠵᠦᠢᠯ ᠤᠨ ᠬᠡᠯᠪᠡᠷᠢ ᠪᠠᠷ ︽ᠨᠢᠭᠡ ᠯᠡ ᠤᠳᠠᠭ᠎ᠠ ᠳᠤ ᠮᠡᠳᠡᠭᠳᠡᠬᠦ︾ ᠪᠠᠷ ᠳᠠᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ ᠪᠠᠶᠢᠴᠠᠭᠠᠨ ᠯᠠᠪᠯᠠᠬᠤ᠂  ᠭᠦᠢᠴᠡᠳᠭᠡᠬᠦ ᠶᠢ ᠨᠢᠭᠡ ᠯᠡ ᠳᠡᠭᠡᠷ᠎ᠡ ᠪᠣᠳᠠᠲᠠᠶᠢᠵᠢᠭᠤᠯᠬᠤ ᠶᠢ ᠪᠡᠶᠡᠯᠡᠭᠦᠯᠦᠨ᠎ᠡ᠃     ︵ᠭᠤᠷᠪᠠ︶ ᠰᠦᠯᠵᠢᠶᠡᠨ ᠠᠴᠠ ᠭᠠᠳᠠᠭᠤᠷᠬᠢ ᠶᠡᠷᠦᠩᠬᠡᠶᠢᠯᠡᠭᠰᠡᠨ ᠴᠣᠩᠬᠤ ᠶᠢ ᠳᠣᠭᠢᠷᠠᠭᠤᠯᠬᠤ ᠬᠡᠷᠡᠭᠲᠡᠶ᠃ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ ᠲᠢᠩᠬᠢᠮ ᠤᠨ ︽ᠨᠢᠭᠡ ᠥᠷᠲᠡᠭᠡ ᠮᠠᠶ᠋ᠢᠭ︾ ᠤᠨ ᠴᠢᠳᠠᠮᠵᠢ ᠶᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ︽ᠨᠢᠭᠡ ᠤᠴᠢᠷ ᠢ ᠨᠢᠭᠡ ᠤᠳᠠᠭ᠎ᠠ ᠳᠤ ᠭᠦᠢᠴᠡᠳᠭᠡᠬᠦ︾ ᠴᠣᠩᠬᠤ ᠶᠢ ᠨᠢᠭᠡᠳᠦᠯᠲᠡᠶ ᠨᠡᠭᠡᠭᠡᠵᠦ᠂ ︽ᠡᠮᠦᠨ᠎ᠡ ᠲᠠᠪᠴᠠᠩ ᠳᠤ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠨᠡᠶᠢᠯᠡᠭᠦᠯᠦᠨ ᠬᠢᠨᠠᠨ ᠵᠥᠪᠰᠢᠶᠡᠷᠡᠬᠦ᠂ ᠳᠣᠲᠣᠭᠠᠳᠤ ᠳᠠᠭᠠᠨ ᠡᠷᠭᠢᠯᠳᠦᠭᠦᠯᠦᠨ ᠣᠷᠣᠯᠠᠨ ᠭᠦᠢᠴᠡᠳᠭᠡᠬᠦ᠂ ᠨᠢᠭᠡᠳᠦᠯᠲᠡᠶ ᠴᠣᠩᠬᠤ ᠪᠠᠷ ᠮᠠᠲ᠋ᠧᠷᠢᠶᠠᠯ ᠭᠠᠷᠭᠠᠬᠤ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ︽ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠰᠤᠮᠤ ᠰᠢᠶᠠᠩ ᠪᠠᠯᠭᠠᠰᠤ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠬᠡᠨ ᠤ ᠲᠥᠪ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠬᠡᠨ ᠤ ᠣᠷᠣᠯᠠᠨ ᠭᠦᠢᠴᠡᠳᠭᠡᠬᠦ ᠴᠡᠭ ᠲᠤ ᠬᠦᠷᠲᠡᠯ᠎ᠡ ᠤᠷᠲᠤᠳᠬᠠᠬᠤ ᠶᠢ ᠵᠣᠷᠢᠭᠵᠢᠭᠤᠯᠤᠨ᠎ᠠ᠃     ︵ᠳᠥᠷᠪᠡ︶ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠤᠨ᠎ᠠ᠃ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠵᠤ᠂ ︽ᠨᠢᠭᠡ ᠯᠡ ᠤᠳᠠᠭ᠎ᠠ ᠳᠤ ᠭᠦᠢᠴᠡᠳᠭᠡᠬᠦ︾  ᠵᠦᠢᠯᠡᠰ ᠢ ᠭᠦᠢᠴᠡᠳᠭᠡᠬᠦ ᠳᠤ ᠲᠤᠰᠬᠠᠶ ᠬᠥᠮᠦᠨ ᠤ ᠪᠥᠬᠦ ᠶᠠᠪᠤᠴᠠ ᠪᠠᠷ ᠮᠥᠷᠳᠡᠨ ᠦᠢᠯᠡᠴᠢᠯᠡᠬᠦ ᠶᠢ ᠬᠡᠷᠡᠭᠵᠢᠭᠦᠯᠬᠦ ᠬᠡᠷᠡᠭᠲᠡᠶ᠃ ᠯᠠᠪᠯᠠᠭ᠎ᠠ ᠥᠭᠴᠦ ᠬᠥᠲᠥᠯᠦᠨ ᠵᠢᠯᠣᠭᠤᠳᠬᠤ᠂ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠣᠷᠣᠯᠠᠨ ᠭᠦᠢᠴᠡᠳᠭᠡᠵᠦ ᠬᠠᠪᠰᠤᠷᠤᠨ ᠭᠦᠢᠴᠡᠳᠭᠡᠬᠦ᠂ ᠮᠠᠲ᠋ᠧᠷᠢᠶᠠᠯ ᠢ ᠡᠷᠭᠢᠯᠳᠦᠭᠦᠯᠬᠦ᠂ ᠵᠣᠬᠢᠴᠠᠭᠤᠯᠤᠨ ᠵᠣᠯᠭᠠᠭᠤᠯᠬᠤ᠂ ᠨᠢᠭᠡᠳᠦᠯᠲᠡᠶ ᠮᠠᠲ᠋ᠧᠷᠢᠶᠠᠯ ᠭᠠᠷᠭᠠᠬᠤ ᠵᠡᠷᠭᠡ ᠠᠵᠢᠯ ᠢ ᠬᠠᠷᠢᠭᠤᠴᠠᠨ᠎ᠠ᠃     ︵ᠲᠠᠪᠤ︶ ᠰᠦᠯᠵᠢᠶᠡᠨ ᠳᠡᠭᠡᠷ᠎ᠡ ᠭᠦᠢᠴᠡᠳᠭᠡᠬᠦ ᠶᠢ ᠰᠦᠪᠡᠭᠴᠢᠯᠡᠨ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠪᠠ ︽ᠮᠦᠩᠭᠡ ᠰᠣᠪᠠᠭ︾ ᠤᠨ ᠰᠢᠯᠵᠢᠮᠡᠯ ᠲᠠᠪᠴᠠᠩ ᠲᠤ ᠲᠦᠰᠢᠭᠯᠡᠨ᠂ ᠰᠦᠯᠵᠢᠶᠡᠨ ᠳᠡᠭᠡᠷᠡᠬᠢ ︽ᠨᠢᠭᠡ ᠯᠡ ᠤᠳᠠᠭ᠎ᠠ ᠳᠤ ᠭᠦᠢᠴᠡᠳᠭᠡᠬᠦ︾ ᠤᠨ ᠲᠤᠰᠬᠠᠶ ᠪᠤᠯᠤᠩ ᠭᠠᠷᠭᠠᠵᠤ ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠪᠠᠶᠢᠴᠠᠭᠠᠨ ᠯᠠᠪᠯᠠᠬᠤ᠂ ᠭᠤᠶᠤᠴᠢᠯᠠᠬᠤ ᠬᠦᠰᠦᠨᠦᠭᠲᠦ ᠶᠢ ᠪᠠᠭᠤᠯᠭᠠᠬᠤ ᠵᠡᠷᠭᠡ ᠦᠢᠯᠡᠴᠢᠯᠡᠭᠡ ᠶᠢ ᠬᠠᠩᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠳᠠᠯᠢ ᠪᠠᠷᠢᠮᠵᠢᠶ᠎ᠠ᠂ ᠠᠳᠠᠯᠢ ᠴᠤᠪᠤᠷᠠᠯ᠂ ᠠᠳᠠᠯᠢ ᠴᠢᠨᠠᠷ ᠤᠨ ᠦᠢᠯᠡᠴᠢᠯᠡᠬᠡᠨ᠂ ᠨᠢᠭᠡ ᠴᠤᠭᠴᠠᠵᠢᠭᠤᠯᠤᠨ ᠭᠦᠢᠴᠡᠳᠭᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃     ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠮᠦᠩᠭᠡ ᠰᠣᠪᠠᠭ · ᠨᠢᠭᠡ ᠯᠡ ᠤᠳᠠᠭ᠎ᠠ ᠳᠤ ᠭᠦᠢᠴᠡᠳᠭᠡᠬᠦ︾ ᠠᠵᠢᠯ ᠢ ᠠᠬᠢᠭᠤᠯᠬᠤ ᠶᠢ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠪᠣᠯᠭᠠᠨ᠂ ᠲᠥᠰᠦᠯ ᠲᠠᠢ ᠬᠠᠷᠢᠴᠠᠭᠤᠯᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠬᠤ ᠬᠡᠷᠡᠭᠲᠡᠶ᠃     ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠵᠢᠯ ᠤᠨ ᠬᠠᠷᠢᠭᠤᠴᠠᠯᠭ᠎ᠠ ᠶᠢ ᠱᠠᠲᠤ ᠳᠠᠷᠠᠭᠠᠯᠠᠨ ᠪᠣᠳᠠᠲᠠᠶᠢᠵᠢᠭᠤᠯᠵᠤ᠂ ᠨᠢᠭᠲᠠ ᠬᠠᠮᠵᠢᠯᠴᠠᠨ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠪᠦᠬᠦᠯᠢ ᠴᠣᠭᠴᠠ ᠪᠠᠷ ᠨᠢ ᠠᠬᠢᠭᠤᠯᠬᠤ ᠬᠡᠷᠡᠭᠲᠡᠶ᠃ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠬᠠᠷᠢᠭᠤᠴᠠᠵᠤ᠂ ᠲᠦᠷᠦᠭᠦᠯᠡᠬᠦ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠬᠤ ᠬᠡᠷᠡᠭᠲᠡᠢ᠃     ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠶ᠃ ᠲᠤᠰᠬᠠᠶ ᠵᠦᠢᠯ ᠤᠨ ᠠᠵᠢᠯ ᠤᠨ ᠡᠬᠡ ᠲᠠᠩᠰᠠ ᠲᠣᠭᠲᠠᠭᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠠᠬᠢᠴᠠ ᠶᠢᠨ ᠪᠠᠶᠢᠳᠠᠯ ᠢ ᠨᠡᠪᠲᠡᠷᠡᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠠᠵᠢᠯ ᠢᠶᠠᠨ ᠬᠦᠴᠦᠲᠡᠶ ᠠᠬᠢᠭᠤᠯᠤᠭᠰᠠᠨ ᠦᠭᠡᠢ ᠠᠴᠠ ᠪᠤᠯᠵᠤ ᠠᠵᠤ ᠠᠬᠤᠶᠢᠯᠠᠯ ᠪᠠ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠪᠠᠯ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号