ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2021/5/8
    ᠥᠪᠥᠷ ᠮᠣᠩᠭᠤᠯ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠲᠥᠯᠥᠪᠵᠢᠭᠦᠯᠭᠡ ᠶᠢᠨ ᠬᠦᠷᠢᠶᠡᠯᠡᠩ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠣᠳᠠᠲᠠᠶ ᠪᠥᠭᠡᠳ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠪᠠᠬᠢᠵᠢᠭᠦᠯᠦᠨ᠎ᠠ᠃      ᠭᠠᠴᠠᠭ᠎ᠠ ᠲᠣᠰᠬᠤᠨ ᠤ ᠲᠥᠯᠥᠪᠵᠢᠭᠦᠯᠭᠡ ᠪᠣᠯ ᠬᠠᠤᠯᠢ ᠪᠠᠷ ᠲᠣᠭᠲᠠᠭᠠᠭᠰᠠᠨ ᠲᠥᠯᠥᠪᠵᠢᠭᠦᠯᠭᠡ ᠮᠥᠨ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠳᠠᠬᠢ ᠬᠥᠳᠡᠭᠡ ᠲᠣᠰᠬᠤᠨ ᠤ ᠭᠠᠵᠠᠷ ᠣᠷᠣᠨ ᠤ ᠨᠠᠷᠢᠨ ᠲᠥᠯᠥᠪᠵᠢᠭᠦᠯᠭᠡ ᠮᠥᠨ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠠᠵᠢᠯᠯᠠᠭ᠎ᠠ ᠥᠷᠨᠢᠭᠦᠯᠬᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠶᠢ ᠬᠡᠷᠡᠭᠵᠢᠭᠦᠯᠬᠦ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢᠨ ᠵᠥᠪᠰᠢᠶᠡᠷᠡᠯ ᠢ ᠬᠢᠨᠠᠨ ᠣᠯᠭᠤᠬᠤ᠂ ᠡᠯ᠎ᠡ ᠵᠦᠢᠯ ᠤᠨ ᠪᠥᠲᠥᠭᠡᠨ ᠪᠠᠶᠢᠭᠤᠯᠤᠯᠲᠠ ᠬᠢᠬᠦ ᠵᠡᠷᠭᠡ ᠶᠢᠨ ᠬᠠᠤᠯᠢ ᠪᠠᠷ ᠲᠣᠭᠲᠠᠭᠠᠭᠰᠠᠨ ᠦᠨᠳᠦᠰᠦᠯᠡᠯ ᠮᠥᠨ᠂ ᠨᠠᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠭᠤᠤᠯᠳᠠᠯᠭ᠎ᠠ ᠲᠠᠢ ᠠᠵᠢᠯ ᠮᠥᠨ᠃      ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠢ ᠰᠠᠶᠢᠲᠤᠷ ᠠᠳᠬᠤᠪᠠ᠃ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠸᠧᠨ ᠵᠥᠩ ᠪᠠᠯᠭᠠᠰᠤᠨ ᠤ ᠨᠠᠨ ᠳ᠋ᠠ ᠶᠢᠩᠽᠢ ᠲᠣᠰᠬᠤᠨ ᠤ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠲᠣᠭᠤᠷᠢᠭ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠲᠤᠭᠤᠷᠢᠬᠤ ᠪᠠᠯᠭᠠᠰᠤ ᠶᠢᠨ ᠴᠦᠨ ᠭᠤᠸᠠᠩ ᠲᠣᠰᠬᠤᠨ ᠤ ᠲᠠᠷᠢᠶᠠᠯᠠᠩ ᠤᠨ ᠲᠣᠭᠤᠷᠢᠭ᠂ ᠠᠯᠠᠱᠠᠨ ᠠᠶᠢᠮᠠᠭ ᠤᠨ ᠠᠯᠠᠱᠠ ᠵᠡᠭᠦᠨ ᠬᠤᠰᠢᠭᠤᠨ ᠤ ᠪᠠᠶᠠᠨ ᠮᠦᠷᠡᠨ ᠰᠤᠮᠤ ᠶᠢᠨ ᠯᠢᠶᠠᠨ ᠾᠧ ᠭᠠᠴᠠᠭᠠᠨ ᠤ ᠮᠠᠯᠵᠢᠬᠤ ᠣᠷᠣᠨ ᠢ ᠲᠣᠰ ᠲᠣᠰ ᠰᠣᠩᠭᠤᠨ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠤᠷᠰᠢᠯᠲᠠ ᠶᠢᠨ ᠴᠡᠭ ᠪᠣᠯᠭᠠᠵᠤ᠂ ᠬᠠᠷᠠᠯᠲᠠ ᠶᠢᠨ ᠪᠠᠶᠢᠷᠢ ᠲᠣᠭᠲᠠᠭᠠᠯᠲᠠ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠪᠠᠶᠢᠷᠢᠰᠢᠭᠤᠯᠤᠯᠲᠠ᠂ ᠭᠠᠵᠠᠷ ᠰᠢᠷᠣᠶ ᠶᠢᠨ ᠬᠡᠷᠡᠭᠴᠡᠭᠡ ᠶᠢᠨ ᠬᠠᠮᠢᠶᠠᠷᠤᠯᠲᠠ᠂ ᠠᠵᠤ ᠦᠶ᠋ᠯᠡᠰ ᠤᠨ ᠬᠥᠭᠵᠢᠯᠲᠡ ᠶᠢ ᠬᠥᠲᠥᠯᠥᠨ ᠵᠢᠯᠣᠭᠤᠳᠬᠤ ᠵᠡᠷᠭᠡ ᠠᠭᠤᠯᠭ᠎ᠠ ᠠᠴᠠ ᠬᠠᠶᠢᠨ ᠰᠦᠪᠡᠭᠴᠢᠯᠡᠵᠦ᠂ ᠨᠢᠭᠡ ᠪᠦᠯᠦᠭ ᠬᠡᠷᠡᠭᠯᠡᠵᠦ ᠲᠡᠶᠢᠯᠬᠦ᠂ ᠲᠤᠰᠠ ᠪᠤᠯᠬᠤ ︽ᠣᠯᠠᠨ ᠲᠥᠯᠥᠪᠵᠢᠭᠦᠯᠭᠡ ᠶᠢ ᠨᠢᠭᠡᠳᠬᠡᠭᠰᠡᠨ︾ ᠬᠡᠷᠡᠭᠯᠡᠭᠡᠨ ᠤ ᠴᠢᠨᠠᠷᠲᠠᠶ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠲᠦᠷᠦᠭᠦᠯᠡᠨ ᠪᠠᠶᠢᠭᠤᠯᠪᠠ᠃      ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠪᠠ᠃ ᠲᠣᠰᠬᠤᠨ ᠤ ᠬᠡᠪᠴᠢᠶᠡᠨ ᠳᠠᠬᠢ ᠪᠠᠶᠢᠭᠠᠯᠢ ᠶᠢᠨ ᠡᠬᠢ ᠪᠠᠶᠠᠯᠢᠭ ᠤᠨ ᠪᠠᠶᠢᠳᠠᠯ᠂ ᠭᠠᠵᠠᠷ ᠤᠨ ᠭᠠᠮᠰᠢᠭ᠂ ᠬᠥᠮᠦᠨ ᠠᠮᠠ ᠪᠣᠯᠤᠨ ᠨᠡᠶᠢᠭᠡᠮ ᠠᠵᠤ ᠠᠬᠤᠶ ᠶᠢᠨ ᠬᠥᠭᠵᠢᠯᠲᠡ᠂ ᠡᠯ᠎ᠡ ᠲᠥᠷᠥᠯ ᠤᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠭᠤᠷᠢ ᠮᠠᠲ᠋ᠧᠷᠢᠶᠠᠯ ᠢ ᠭᠦᠢᠴᠡᠳ ᠡᠵᠡᠮᠰᠢᠵᠦ᠂ ᠲᠣᠰᠬᠤᠨ ᠳᠤ ᠰᠠᠭᠤᠵᠤ ᠪᠠᠶᠢᠴᠠᠭᠠᠨ ᠰᠤᠳᠤᠯᠬᠤ ᠶᠢ ᠭᠦᠨᠵᠡᠭᠡᠶ ᠥᠷᠨᠢᠭᠦᠯᠦᠨ᠂ ᠡᠷᠦᠬᠡ ᠳᠠᠷᠠᠭᠠᠯᠠᠨ ᠰᠤᠷᠪᠤᠯᠵᠢᠯᠠᠵᠤ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠷᠬᠠᠭᠠᠨ᠂ ᠭᠠᠴᠠᠭ᠎ᠠ ᠲᠣᠰᠬᠤᠨ ᠤ ᠬᠥᠭᠵᠢᠯᠲᠡ ᠶᠢᠨ ᠰᠤᠷᠪᠤᠯᠵᠢ᠂ ᠰᠣᠶᠣᠯ ᠤᠨ ᠠᠬᠤᠶ ᠪᠠᠶᠢᠳᠠᠯ ᠪᠣᠯᠤᠨ ᠬᠥᠮᠦᠨ ᠨᠡᠶᠢᠭᠡᠮ ᠤᠨ ᠵᠠᠩ ᠦᠢᠯᠡ ᠶᠢ ᠨᠠᠷᠢᠨ ᠣᠶᠢᠯᠠᠭᠠᠵᠤ᠂ ᠰᠢᠶᠠᠩ ᠪᠠᠯᠭᠠᠰᠤ᠂ ᠲᠣᠰᠬᠤᠨ ᠤ ᠠᠷᠠᠳ ᠤᠨ ᠵᠥᠪᠯᠡᠯ ᠪᠣᠯᠤᠨ ᠲᠣᠰᠬᠤᠨ ᠤ ᠠᠷᠠᠳ ᠤᠨ ᠬᠥᠭᠵᠢᠯᠲᠡ ᠶᠢᠨ ᠬᠦᠰᠡᠯ ᠰᠠᠨᠠᠭ᠎ᠠ ᠶᠢ ᠲᠣᠳᠣᠷᠬᠠᠶ ᠪᠤᠯᠭᠠᠵᠠᠢ᠃ ᠠᠵᠤ ᠦᠢᠯᠡᠰ ᠤᠨ ᠬᠥᠭᠵᠢᠯᠲᠡ ᠬᠢᠭᠡᠳ ᠬᠡᠷᠡᠭᠯᠡᠬᠦ ᠭᠠᠵᠠᠷ ᠤᠨ ᠪᠠᠲᠤᠯᠠᠭ᠎ᠠ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠬᠢᠭᠡᠳ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠵᠥᠷᠢᠴᠡᠯ ᠢ ᠰᠠᠨᠠᠭᠠᠴᠢᠯᠠᠭ᠎ᠠ ᠠᠴᠠ ᠪᠠᠨ ᠠᠷᠢᠯᠭᠠᠵᠤ᠂ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠪᠣᠳᠠᠲᠠᠶ ᠲᠠᠢ ᠨᠡᠶᠢᠴᠡᠭᠦᠯᠬᠦ ᠶᠢᠨ ᠬᠠᠮᠲᠤ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠵᠠᠢ᠃    
 
ᠢᠷᠡᠯᠲᠡ᠄ ᠲᠤᠳᠤᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号