ᠬᠦᠳᠡᠭᠡ ᠨᠤᠳᠤᠭ ᠲᠤ ᠲᠤᠳᠠᠭᠳᠠᠵᠦ ᠪᠠᠶᠢᠭ᠎ᠠ ᠴᠢᠳᠠᠪᠤᠷᠢᠳᠠᠨ
ᠨᠡᠶᠢᠲᠡᠯᠡᠭᠰᠡᠨ ᠴᠠᠭ᠄
2021/5/8
     ᠨᠠᠮ ᠤᠨ ᠲᠦᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠥᠨᠥᠬᠡᠨ ︽ᠴᠢᠳᠠᠪᠤᠷᠢᠳᠠᠨ ᠢᠶᠠᠷ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠢ ᠲᠦᠷᠭᠡᠨ ᠠᠬᠢᠭᠤᠯᠬᠤ ᠲᠤᠬᠠᠢ ᠰᠠᠨᠠᠯ︾ ᠢ ᠲᠠᠷᠤᠮᠠᠯᠯᠠᠨ ᠲᠠᠷᠬᠠᠭᠠᠭᠰᠠᠨ ᠤ ᠬᠠᠮᠳᠤ ᠮᠡᠳᠡᠭᠳᠡᠯ ᠪᠠᠭᠤᠯᠭᠠᠵᠦ᠂ ᠪᠤᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠠᠢ ᠭᠡᠵᠦ ᠡᠯ᠎ᠡ ᠭᠠᠵᠠᠷ ᠤᠷᠤᠨ ᠰᠠᠯᠠᠭ᠎ᠠ ᠮᠦᠴᠢᠷ ᠲᠤ ᠱᠠᠭᠠᠷᠳᠠᠭᠰᠠᠨ ᠪᠠᠶᠢᠨ᠎ᠠ᠃       ᠲᠡᠭᠡᠪᠡᠯ ᠡᠨᠡ ᠲᠠᠯ᠎ᠠ ᠶᠢᠨ ᠠᠵᠢᠯ ᠳᠤ ᠪᠤᠳᠠᠲᠠᠢ ᠶᠠᠮᠠᠷ ᠠᠵᠢᠯ ᠢ ᠭᠤᠤᠯᠳᠠᠯᠭ᠎ᠠ ᠪᠤᠯᠭᠠᠵᠦ᠂ ᠠᠯᠢ ᠲᠠᠯ᠎ᠠ ᠶᠢᠨ ᠴᠢᠳᠠᠪᠤᠷᠢᠳᠠᠨ ᠲᠤᠳᠠᠭᠳᠠᠵᠦ ᠪᠠᠶᠢᠭ᠎ᠠ ᠪᠤᠯ︖      ᠨᠢᠭᠡ ᠳᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠡᠵᠡᠩᠨᠡᠭᠴᠢ ᠶᠢ ᠬᠦᠮᠦᠵᠢᠬᠦᠯᠵᠦ᠂ ᠲᠠᠷᠢᠶᠠᠴᠢᠳ ᠮᠠᠯᠴᠢᠳ ᠤᠨ ᠬᠤᠷᠰᠢᠶᠠᠵᠢᠯ ᠤᠨ ᠲᠠᠭᠠᠭᠤᠯᠤᠭᠴᠢ ᠴᠢᠳᠠᠪᠤᠷᠢᠳᠠᠨ ᠤ ᠡᠩᠨᠡᠭᠡ ᠶᠢ ᠪᠠᠶᠢᠭᠤᠯᠵᠦ᠂ ᠲᠠᠷᠢᠶᠠᠴᠢᠳ ᠮᠠᠯᠴᠢᠳ ᠤᠨ ᠬᠤᠷᠰᠢᠶᠠᠵᠢᠯ ᠤᠨ ᠭᠤᠤᠯᠯᠠᠨ ᠲᠠᠭᠠᠭᠤᠯᠤᠭᠴᠢ ᠳᠤ ᠪᠤᠯᠪᠠᠰᠤᠷᠠᠯ ᠬᠦᠷᠳᠡᠭᠡᠬᠦ ᠠᠵᠢᠯ ᠢ ᠴᠢᠩᠭᠠᠳᠬᠠᠨ᠎ᠠ᠃      ᠬᠤᠶᠠᠷ ᠲᠤ᠂ ᠬᠦᠳᠡᠭᠡ ᠲᠤᠰᠬᠤᠨ ᠤ ᠡᠯᠧᠺᠳ᠋ᠷᠤᠨ ︵ᠰᠦᠯᠵᠢᠶ᠎ᠠ︶ ᠬᠤᠳᠠᠯᠳᠤᠭᠠᠨ ᠤ ᠴᠢᠳᠠᠪᠤᠷᠢᠳᠠᠨ ᠢ ᠬᠦᠮᠦᠵᠢᠬᠦᠯᠦᠨ᠎ᠡ᠃ ᠬᠦᠳᠡᠭᠡ ᠲᠤᠰᠬᠤᠨ ᠤ ᠡᠯᠧᠺᠳ᠋ᠷᠤᠨ ︵ᠰᠦᠯᠵᠢᠶ᠎ᠠ︶ ᠬᠤᠳᠠᠯᠳᠤᠭᠠᠨ ᠤ ᠴᠢᠳᠠᠪᠤᠷᠢᠳᠠᠨ ᠢ ᠬᠦᠮᠦᠵᠢᠬᠦᠯᠬᠦ ᠠᠴᠢᠶᠠᠯᠠᠪᠤᠷᠢ ᠪᠠ ᠪᠠᠭᠰᠢᠨᠠᠷ ᠤᠨ ᠡᠩᠨᠡᠭᠡ ᠶᠢ ᠲᠦᠷᠭᠡᠨ ᠪᠠᠶᠢᠭᠤᠯᠤᠨ ᠪᠡᠯᠡᠳᠭᠡᠵᠦ᠂ ᠬᠠᠮᠢᠶᠠᠲᠠᠢ ᠪᠠᠷᠢᠮᠵᠢᠶ᠎ᠠ ᠱᠠᠭᠠᠷᠳᠠᠯᠭ᠎ᠠ ᠪᠠ ᠬᠢᠨᠠᠨ ᠲᠤᠭᠳᠠᠭᠠᠬᠤ ᠰᠢᠰᠲ᠋ᠧᠮ ᠢ ᠲᠤᠭᠳᠠᠭᠠᠵᠦ᠂ ᠰᠦᠯᠵᠢᠶᠡᠨ ᠲᠡᠭᠡᠷᠡᠬᠢ ᠪᠤᠶᠤ ᠶᠡᠷᠦᠳᠡ ᠶᠢᠨ ᠪᠤᠯᠪᠠᠰᠤᠷᠠᠯ ᠢ ᠤᠶᠠᠯᠳᠤᠭᠤᠯᠤᠭᠰᠠᠨ ᠤᠯᠠᠨ ᠲᠡᠰ ᠲᠠᠪᠬᠤᠷᠭ᠎ᠠ ᠶᠢᠨ ᠪᠤᠯᠪᠠᠰᠤᠷᠠᠯ ᠬᠦᠮᠦᠵᠢᠯ ᠤᠨ ᠠᠵᠢᠯᠯᠠᠭ᠎ᠠ ᠦᠷᠨᠢᠬᠦᠯᠦᠨ᠎ᠡ᠃         ᠭᠤᠷᠪᠠ ᠳᠤ᠂ ᠬᠦᠳᠡᠭᠡ ᠲᠤᠰᠬᠤᠨ ᠤ ᠤᠷ᠎ᠠ ᠴᠢᠳᠠᠪᠤᠷᠢᠳᠠᠨ ᠢ ᠬᠦᠮᠦᠵᠢᠬᠦᠯᠦᠨ᠎ᠡ᠃ ᠬᠦᠳᠡᠭᠡ ᠲᠤᠰᠬᠤᠨ ᠤ ᠭᠠᠷ ᠦᠢᠯᠡᠳᠪᠤᠷᠢᠴᠢᠨ᠂ ᠤᠯᠠᠮᠵᠢᠯᠠᠯᠳᠤ ᠭᠠᠷ ᠤᠷᠠᠴᠤᠳ ᠢ ᠢᠯᠡᠷᠡᠬᠦᠯᠦᠨ ᠬᠦᠮᠦᠵᠢᠬᠦᠯᠵᠦ᠂ ᠨᠡᠷᠡᠳᠤ ᠪᠠᠭᠰᠢ ᠶᠢᠨ ᠠᠵᠢᠯ ᠤᠨ ᠦᠷᠦᠭᠡ᠂ ᠨᠡᠷᠡᠳᠤ ᠪᠠᠭᠰᠢ ᠶᠢᠨ ᠦᠪᠯᠡᠨ ᠤᠯᠠᠮᠵᠢᠯᠠᠬᠤ ᠭᠠᠵᠠᠷ ᠵᠡᠷᠭᠡ ᠶᠢ ᠪᠠᠶᠢᠭᠤᠯᠬᠤ ᠪᠠᠷ ᠲᠠᠮᠵᠢᠨ᠂ ᠤᠯᠠᠮᠵᠢᠯᠠᠯᠳᠤ ᠤᠷ᠎ᠠ ᠮᠡᠷᠭᠡᠵᠢᠯ ᠢ ᠤᠯᠠᠮᠵᠢᠯᠠᠨ ᠬᠦᠭᠵᠢᠬᠦᠯᠦᠨ᠎ᠡ᠃      ᠲᠦᠷᠪᠡ ᠳᠤ᠂ ᠡᠷᠦᠬᠡ ᠶᠢᠨ ᠠᠵᠢᠯᠴᠢᠨ ᠤ ᠬᠦᠳᠡᠯᠮᠦᠷᠢ ᠬᠦᠴᠤᠨ ᠢ ᠭᠠᠳᠠᠭᠰᠢ ᠭᠠᠷᠭᠠᠬᠤ ᠲᠠᠯ᠎ᠠ ᠶᠢᠨ ᠨᠡᠷᠡᠳᠤ ᠲᠡᠮᠳᠡᠭᠳᠤ ᠶᠢ ᠡᠬᠦᠳᠴᠦ᠂ ᠡᠨᠡ ᠲᠠᠯ᠎ᠠ ᠶᠢᠨ ᠨᠢᠭᠡ ᠪᠦᠯᠦᠭ ᠨᠡᠷᠡᠳᠤ ᠲᠡᠮᠳᠡᠭᠳᠤ ᠶᠢ ᠤᠯᠠᠨ ᠳᠤ ᠲᠠᠨᠢᠭᠤᠯᠤᠨ ᠠᠯᠳᠠᠷᠰᠢᠭᠤᠯᠤᠨ᠎ᠠ᠃      ᠲᠠᠪᠤ ᠳᠤ᠂ ᠬᠦᠳᠡᠭᠡ ᠲᠤᠰᠬᠤᠨ ᠤ ᠭᠤᠤᠯᠯᠠᠭᠴᠢ ᠪᠠᠭᠰᠢ ᠶᠢ ᠬᠦᠮᠦᠵᠢᠬᠦᠯᠬᠦ ᠡᠷᠴᠢᠮ ᠢᠶᠠᠨ ᠴᠢᠩᠭᠠᠳᠬᠠᠵᠦ᠂ ᠲᠤᠰ ᠤᠷᠤᠨ ᠨᠤᠳᠤᠭ ᠲᠤ ᠨᠤᠳᠤᠭᠰᠢᠬᠤ ᠰᠢᠯᠢᠳᠡᠭ ᠪᠠᠭᠰᠢ ᠶᠢ ᠬᠠᠨᠳᠤᠯᠭᠠᠲᠠᠢ ᠪᠠᠷ ᠬᠦᠮᠦᠵᠢᠬᠦᠯᠦᠨ᠎ᠡ᠃ ᠤᠷᠳᠤ ᠬᠤᠭᠤᠴᠠᠭ᠎ᠠ ᠪᠠᠷ ᠬᠦᠳᠡᠭᠡ ᠲᠤᠰᠬᠤᠨ ᠤ ᠰᠤᠷᠭᠠᠭᠤᠯᠢ ᠳᠤ ᠠᠵᠢᠯᠯᠠᠬᠤ ᠪᠠᠭᠰᠢᠨᠠᠷ ᠲᠤ ᠮᠡᠷᠭᠡᠵᠢᠯ ᠤᠨ ᠴᠤᠯᠠ ᠬᠦᠷᠳᠡᠭᠡᠬᠦ ᠵᠡᠷᠭᠡ ᠲᠠᠯ᠎ᠠ ᠪᠠᠷ ᠬᠠᠷᠭᠠᠯᠵᠠᠨ᠎ᠠ᠃      ᠵᠢᠷᠭᠤᠭ᠎ᠠ ᠳᠤ᠂ ᠬᠦᠳᠡᠭᠡ ᠲᠤᠰᠬᠤᠨ ᠤ ᠡᠮᠴᠢ ᠳᠤ ᠨᠥᠬᠦᠪᠤᠷᠢ ᠬᠦᠷᠳᠡᠭᠡᠵᠦ᠂ ᠴᠠᠯᠢᠩ ᠬᠦᠯᠦᠰᠤ ᠶᠢ ᠠᠯᠬᠤᠮ ᠠᠯᠬᠤᠮ ᠢᠶᠠᠷ ᠦᠰᠭᠡᠨ᠂ ᠲᠡᠳᠡᠨ ᠢ ᠦᠨᠳᠦᠰᠦᠨ ᠨᠠᠰᠤᠵᠢᠯ ᠤᠨ ᠲᠠᠭᠠᠳᠬᠠᠯ ᠳᠤ ᠤᠷᠤᠭᠤᠯᠬᠤ ᠠᠵᠢᠯ ᠢ ᠰᠠᠶᠢᠳᠤᠷ ᠬᠢᠨ᠎ᠡ᠃      ᠲᠤᠯᠤᠭ᠎ᠠ ᠳᠤ᠂ ᠬᠦᠳᠡᠭᠡ ᠲᠤᠰᠬᠤᠨ ᠢ ᠰᠠᠶᠢᠨ ᠤᠶᠢᠯᠠᠭᠠᠳᠠᠭ ᠲᠦᠯᠦᠪᠵᠢᠬᠦᠯᠦᠭᠴᠢ᠂ ᠪᠠᠷᠢᠯᠭᠠᠴᠢᠨ᠂ ᠵᠢᠷᠤᠭ ᠲᠦᠰᠦᠪᠯᠡᠭᠴᠢ ᠪᠤᠯᠤᠨ ᠲᠡᠳᠡᠨ ᠤ ᠠᠵᠢᠯ ᠤᠨ ᠬᠠᠮᠳᠤ ᠤᠯᠠᠨ ᠤ ᠠᠶᠢᠯ ᠲᠤᠰᠬᠤᠨ ᠢ ᠲᠦᠯᠦᠪᠵᠢᠬᠦᠯᠦᠨ ᠵᠤᠬᠢᠴᠠᠭᠤᠯᠬᠤ᠂ ᠤᠨᠴᠠᠯᠢᠭᠳᠤ ᠦᠵᠡᠮᠵᠢ ᠶᠢᠨ ᠤᠷᠤᠨ ᠢ ᠲᠦᠯᠦᠪᠵᠢᠬᠦᠯᠬᠦ᠂ ᠰᠤᠶᠤᠯ ᠢᠷᠭᠡᠨᠰᠢᠯ ᠤᠨ ᠬᠠᠮᠢᠶᠠᠲᠠᠢ ᠪᠠᠶᠢᠭᠤᠯᠤᠯᠳᠠ ᠶᠢᠨ ᠠᠵᠢᠯ ᠳᠤ ᠤᠷᠤᠯᠴᠠᠬᠤ ᠶᠢ ᠲᠡᠮᠵᠢᠵᠦ᠂ ᠲᠦᠯᠦᠪᠵᠢᠬᠦᠯᠵᠦ ᠪᠠᠶᠢᠭᠤᠯᠬᠤ ᠡᠷᠴᠢᠮ ᠢᠶᠠᠨ ᠴᠢᠩᠭᠠᠳᠬᠠᠵᠦ᠂ ᠬᠦᠳᠡᠭᠡ ᠲᠤᠰᠬᠤᠨ ᠤ ᠦᠪᠡᠷᠮᠢᠴᠡ ᠦᠩᠭᠡ ᠲᠦᠷᠬᠦ ᠶᠢ ᠪᠦᠷᠢᠯᠳᠦᠬᠦᠯᠦᠨ᠎ᠡ᠃      ᠨᠡᠢᠮᠠ ᠳᠤ᠂ ᠤᠷᠤᠨ ᠨᠤᠳᠤᠭ ᠠᠴᠠ ᠨᠤᠳᠤᠭ ᠲᠠᠭᠠᠨ ᠪᠠᠶᠢᠭ᠎ᠠ ᠮᠡᠷᠭᠡᠵᠢᠯᠳᠡᠨ ᠴᠢᠳᠠᠪᠤᠷᠢᠳᠠᠨ᠂ ᠦᠢᠯᠡᠰ ᠪᠤᠰᠬᠠᠭᠴᠢ ᠳᠤ ᠨᠥᠬᠦᠪᠤᠷᠢ ᠤᠯᠭᠤᠬᠤ ᠶᠢ ᠵᠤᠷᠢᠭᠵᠢᠭᠤᠯᠤᠨ᠎ᠠ᠃      ᠶᠢᠰᠤ ᠳᠤ᠂ ᠲᠠᠷᠢᠶᠠᠴᠢᠳ ᠮᠠᠯᠴᠢᠳ ᠢ ᠵᠤᠬᠢᠶᠠᠨ ᠪᠠᠶᠢᠭᠤᠯᠤᠨ ᠲᠤᠬᠠᠶᠢᠯᠠᠭᠰᠠᠨ ᠠᠵᠢᠯ ᠮᠡᠷᠭᠡᠵᠢᠯ ᠤᠨ ᠬᠢᠨᠠᠨ ᠰᠢᠯᠭᠠᠯᠳᠠ᠂ ᠲᠤᠬᠠᠶᠢᠯᠠᠭᠰᠠᠨ ᠠᠵᠢᠯ ᠮᠡᠷᠭᠡᠵᠢᠯ ᠤᠨ ᠵᠡᠷᠭᠡ ᠲᠡᠰ ᠤᠨ ᠬᠢᠨᠠᠨ ᠲᠤᠭᠳᠠᠭᠠᠯᠳᠠ᠂ ᠲᠤᠬᠠᠶᠢᠯᠠᠭᠰᠠᠨ ᠠᠵᠢᠯ ᠮᠡᠷᠭᠡᠵᠢᠯ ᠤᠨ ᠤᠷᠤᠯᠳᠤᠭᠠᠨ ᠵᠡᠷᠭᠡ ᠳᠤ ᠤᠷᠤᠯᠴᠠᠭᠤᠯᠵᠦ᠂ ︽ᠤᠷᠤᠯᠳᠤᠭᠠᠨ ᠢᠶᠠᠷ ᠬᠢᠨᠠᠨ ᠰᠢᠯᠭᠠᠯᠳᠠ ᠶᠢ ᠤᠷᠤᠯᠠᠭᠤᠯᠬᠤ︾᠂ ︽ᠲᠦᠷᠦᠯ ᠵᠦᠢᠯ ᠢᠶᠠᠷ ᠬᠢᠨᠠᠨ ᠰᠢᠯᠭᠠᠯᠳᠠ ᠶᠢ ᠤᠷᠤᠯᠭᠤᠯᠬᠤ︾ ᠶᠢ ᠬᠠᠶᠢᠨ ᠰᠦᠪᠡᠭᠴᠢᠯᠡᠵᠦ᠂ ᠨᠥᠬᠦᠴᠡᠯ ᠳᠤ ᠲᠤᠬᠢᠷᠠᠭᠰᠠᠨ ᠪᠤᠯ ᠬᠠᠷᠭᠠᠯᠵᠠᠭᠰᠠᠨ ᠮᠡᠷᠭᠡᠵᠢᠯ ᠤᠨ ᠵᠡᠷᠭᠡ ᠲᠡᠰ ᠢ ᠰᠢᠭᠤᠳ ᠲᠤᠭᠳᠠᠭᠠᠵᠦ ᠦᠭᠬᠦᠨ᠎ᠡ      ᠠᠷᠪᠠ ᠳᠤ᠂ ᠬᠦᠳᠡᠭᠡ ᠲᠤᠰᠬᠤᠨ ᠳᠤ ᠪᠠᠴᠢᠮ ᠱᠠᠭᠠᠷᠳᠠᠭᠳᠠᠵᠦ ᠪᠠᠶᠢᠭ᠎ᠠ ᠴᠢᠳᠠᠪᠤᠷᠢᠳᠠᠨ ᠢ ᠲᠤᠰᠬᠠᠢ ᠠᠵᠢᠯ ᠤᠨ ᠪᠠᠶᠢᠷᠢ ᠭᠠᠷᠭᠠᠨ ᠲᠤᠬᠢᠷᠠᠭᠤᠯᠵᠦ᠂ ᠡᠬᠦᠨ ᠢ ᠡᠩ ᠤᠨ ᠠᠵᠢᠯ ᠤᠨ ᠪᠠᠶᠢᠷᠢ ᠶᠢᠨ ᠤᠷᠤᠨ ᠲᠤᠭ᠎ᠠ ᠶᠢ ᠡᠵᠡᠯᠡᠬᠦᠯᠬᠦ ᠦᠬᠡᠢ ᠪᠦᠭᠡᠳ ᠮᠡᠷᠭᠡᠵᠢᠯ ᠤᠨ ᠴᠤᠯᠠ ᠤᠯᠭᠤᠬᠤ ᠳᠤ ᠵᠤᠬᠢᠬᠤ ᠬᠠᠷᠢᠴᠠᠯ ᠤᠨ ᠬᠢᠵᠠᠭᠠᠷᠯᠠᠯ ᠳᠤ ᠨᠥᠯᠦᠭᠡᠯᠡᠭᠳᠡᠬᠦ ᠦᠬᠡᠢ ᠪᠠᠶᠢᠯᠭᠠᠨ᠎ᠠ᠃  
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号