【 ᠨᠠᠮ ᠤᠨ ᠲᠡᠦᠬᠡ】  ᠬᠤᠪᠢᠰᠬᠠᠯ ᠤᠨ ᠡᠬᠢ ᠪᠠᠶᠠᠯᠢᠭ ᠢ ᠠᠮᠢᠳᠤᠯᠢᠭ ᠲᠣᠬᠢᠳᠡᠢ ᠪᠠᠷ ᠠᠰᠢᠨᠨᠯᠠᠵᠦ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2021/6/23
    ᠨᠠᠮ ᠤᠨ ᠲᠡᠦᠬᠡ ᠶᠢ ᠭᠦᠨᠵᠡᠭᠡᠢ ᠰᠤᠷᠤᠯᠴᠠᠵᠤ᠂ ᠬᠥᠭᠵᠢᠯᠲᠡ ᠶᠢᠨ ᠬᠦᠴᠦᠨ ᠢ ᠰᠢᠩᠭᠡᠭᠡᠨ ᠠᠪᠤᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠭᠡᠨ᠂ ᠴᠢᠩᠭ᠎ᠠ᠂ ᠨᠠᠷᠢᠯᠢᠭ᠂ ᠪᠣᠳᠠᠲᠠᠶ︾ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠠᠵᠢᠯ ᠤᠨ ᠠᠶᠢᠵᠠᠮ ᠢ ᠴᠢᠩᠭ᠎ᠠ ᠳᠠᠭᠠᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠳᠣᠭᠢᠷᠠᠭᠤᠯᠤᠨ᠂ ᠰᠢᠰᠲ᠋ᠧᠮ ᠲᠠᠢ ᠠᠬᠢᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠵᠤ᠂ ᠪᠥᠬᠦ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠳᠥᠯᠭᠢᠨ ᠠᠬᠢᠭᠤᠯᠪᠠ᠃

    ︽ᠡᠨᠡ ᠵᠠᠬᠢᠳᠠᠯ ᠳᠤ ︿ᠽᠧᠩ ᠯᠢᠶᠠᠨ ᠰᠥᠩ ᠠᠪᠤᠭᠠᠶ᠄ ᠲᠠᠨ ᠤ ᠵᠢᠷᠤᠵᠤ ᠲᠥᠯᠥᠪᠯᠡᠭᠰᠡᠨ ᠪᠥᠬᠦᠳᠡ

ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠢ ᠬᠡᠷᠡᠭᠯᠡᠬᠦ ᠪᠠᠷ ᠪᠣᠯᠪᠠ ᠁ ᠁﹀ ᠭᠡᠵᠦ

ᠪᠢᠴᠢᠵᠡᠶ︾᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠢᠶᠠᠨ ᠬᠠᠶᠢᠷᠠᠯᠠᠬᠤ ᠬᠥᠮᠦᠵᠢᠯ ᠤᠨ

ᠦᠵᠡᠭᠦᠯᠭᠡ ᠶᠢᠨ ᠲᠢᠩᠬᠢᠮ ᠳᠤ᠂ ᠲᠠᠶᠢᠯᠪᠤᠷᠢᠯᠠᠭᠴᠢ ᠲᠣᠭᠤᠷᠢᠨ ᠦᠵᠡᠵᠦ ᠪᠠᠶᠢᠭ᠎ᠠ ᠨᠠᠮ ᠤᠨ ᠭᠡᠰᠢᠭᠦᠨ

ᠺᠠᠳ᠋ᠷᠴᠤᠳ ᠲᠤ ᠽᠧᠩ ᠯᠢᠶᠠᠨ ᠰᠦᠩ ᠤᠨ ᠤᠯᠤᠰ ᠤᠨ ᠲᠤᠭ ᠢ ᠵᠢᠷᠤᠵᠤ ᠲᠥᠯᠥᠪᠯᠡᠭᠰᠡᠨ ᠦᠯᠢᠭᠡᠷ ᠢ

ᠲᠠᠨᠢᠯᠴᠠᠭᠤᠯᠵᠤ᠂ ᠲᠠᠪᠤᠨ ᠣᠳᠣᠲᠤ ᠤᠯᠠᠭᠠᠨ ᠲᠤᠭ ᠤᠨ ᠮᠡᠨᠳᠦᠯᠡᠭᠰᠡᠨ ᠦᠯᠢᠭᠡᠷ ᠢᠶᠠᠷ ᠳᠠᠮᠵᠢᠭᠤᠯᠵᠤ᠂ ᠭᠡᠰᠢᠭᠦᠳ

ᠤᠯᠤᠰ ᠤᠨ ᠲᠤᠭ ᠢ ᠵᠢᠷᠤᠵᠤ ᠲᠥᠯᠥᠪᠯᠡᠭᠰᠡᠨ ᠣᠶᠢᠯᠠᠭᠠᠭᠳᠠᠬᠤᠨ ᠢᠶᠠᠨ ᠳᠠᠪᠲᠠᠨ ᠰᠠᠨᠠᠭᠠᠯᠵᠠᠵᠤ᠂ ᠽᠧᠩ ᠯᠢᠶᠠᠨ

ᠰᠦᠩ ᠤᠨ ᠬᠡᠬᠦᠳᠡᠭ ᠳᠦᠭᠦᠷᠡᠩ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠪᠣᠯᠤᠨ ᠡᠬᠡ ᠤᠯᠤᠰ ᠤᠨ ᠢᠶᠠᠨ

ᠰᠠᠶᠢᠨ ᠰᠠᠶᠢᠬᠠᠨ ᠢᠷᠡᠭᠡᠳᠦᠢ ᠶᠢᠨ ᠲᠤᠬᠠᠢ ᠴᠢᠩ ᠰᠡᠳᠬᠢᠯ ᠤᠨ ᠵᠥᠩᠨᠡᠯ ᠢ ᠣᠶᠢᠯᠠᠭᠠᠪᠠ᠃ ᠲᠣᠭᠤᠷᠢᠨ ᠦᠵᠡᠵᠦ

ᠰᠤᠷᠤᠯᠴᠠᠬᠤ ᠪᠠᠷ ᠳᠠᠮᠵᠢᠨ᠂ ᠪᠢᠳᠡ ᠡᠬᠡ ᠤᠯᠤᠰ ᠤᠨ ᠢᠶᠠᠨ 100 ᠵᠢᠯ ᠤᠨ ᠤᠢ ᠶᠢᠨ ᠬᠥᠭᠵᠢᠯᠲᠡ

ᠬᠤᠪᠢᠷᠠᠯᠲᠠ ᠠᠴᠠ ᠠᠷᠠᠳ ᠲᠦᠮᠡᠨ ᠳᠤ ᠠᠵᠠ ᠵᠢᠷᠭᠠᠯ ᠠᠪᠴᠢᠷᠠᠭᠰᠠᠨ ᠢ ᠪᠡᠶ᠎ᠡ ᠪᠠᠷ ᠢᠶᠠᠨ ᠮᠡᠳᠡᠷᠡᠵᠦ᠂

ᠳᠤᠮᠳᠠᠳᠤ ᠶᠢᠨ ᠬᠥᠪᠡᠭᠦᠳ ᠥᠬᠢᠳ ᠤᠨ ᠣᠮᠤᠭ ᠪᠠᠭ᠋ᠠᠳᠤᠯᠲᠤ ᠰᠡᠳᠬᠢᠯᠭᠡ ᠶᠢ ᠠᠶᠠᠨᠳᠠᠭᠠᠨ ᠪᠤᠢ ᠪᠣᠯᠭᠠᠪᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ

ᠬᠡᠯᠲᠡᠰ ᠤᠨ ᠳᠡᠳ᠋ ᠳᠠᠷᠤᠭ᠎ᠠ᠂ ᠬᠤᠰᠢᠭᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠠᠵᠢᠯᠯᠠᠬᠤ

ᠬᠤᠷᠢᠶᠠᠨ ᠤ ᠱᠦᠵᠢ ᠶᠠᠩ ᠵᠧᠨ ᠢᠦᠶ ᠬᠡᠯᠡᠬᠦ ᠳᠤ ᠪᠠᠨ᠄ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠨᠢ

ᠨᠠᠮ ᠤᠨ ᠪᠠᠶᠢᠭᠤᠯᠤᠯᠲᠠ ᠶᠢᠨ ᠠᠵᠢᠯ ᠤᠨ ᠨᠢᠭᠡᠨ ᠴᠢᠬᠤᠯᠠ ᠡᠭᠦᠷᠭᠡ ᠪᠣᠯᠤᠭᠰᠠᠨ ᠤ ᠬᠤᠪᠢ ᠳᠤ᠂ ᠬᠤᠰᠢᠭᠤᠨ ᠤ

ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠳᠣ ᠶᠢᠨ ᠪᠦᠬᠦ ᠬᠤᠰᠢᠭᠤᠨ ᠤ

ᠰᠢᠭᠤᠳ ᠬᠠᠷᠢᠶ᠎ᠠ ᠪᠠᠶᠢᠭᠤᠯᠤᠯᠭ᠎ᠠ ᠶᠢᠨ 94 ᠨᠠᠮ ᠤᠨ ᠵᠣᠬᠢᠶᠠᠨ ᠪᠠᠶᠢᠭᠤᠯᠤᠯᠲᠠ᠂ ᠨᠢᠭᠡᠨᠲᠡ ᠪᠦᠬᠦᠨ ᠢᠶᠠᠷ ᠢᠶᠠᠨ

ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠬᠤ ᠲᠥᠰᠦᠯ ᠢᠶᠠᠨ ᠲᠣᠭᠲᠠᠭᠠᠵᠤ᠂

ᠲᠡᠭᠡᠭᠡᠳ ᠪᠠᠰᠠ ᠳᠠᠶᠢᠴᠢᠯᠠᠯᠲᠠ ᠶᠢᠨ ᠬᠤᠷᠠᠯ ᠢ ᠬᠢᠵᠦ ᠳᠠᠭᠤᠰᠬᠠᠭᠠᠳ᠂ ᠮᠠᠨ ᠤ ᠪᠠᠶᠢᠭᠤᠯᠤᠯᠭ᠎ᠠ ᠶᠢᠨ ᠨᠠᠮ ᠤᠨ

ᠠᠵᠢᠯᠯᠠᠬᠤ ᠬᠤᠷᠢᠶ᠎ᠠ ᠲᠠᠷᠠᠭᠠᠴᠢ ᠶᠢᠨ ᠠᠯᠬᠤᠮ ᠳᠤ ᠨᠠᠩ ᠰᠠᠶᠢᠨ ᠲᠠᠪᠴᠠᠩ ᠢ ᠪᠠᠶᠢᠭᠤᠯᠵᠤ᠂ ᠪᠠᠶᠢᠭᠤᠯᠤᠯᠭ᠎ᠠ ᠶᠢᠨ

ᠰᠠᠭᠤᠭᠠᠯᠢ ᠲᠣᠭᠤᠷᠢᠭ ᠢ ᠳᠠᠭᠠᠭᠠᠴᠢᠯᠠᠬᠤ᠂ ᠭᠠᠴᠠᠭ᠎ᠠ ᠲᠣᠰᠬᠤᠨ ᠢ ᠳᠠᠭᠠᠭᠠᠴᠢᠯᠠᠬᠤ᠂ ᠠᠵᠤ ᠠᠬᠤᠶᠢᠯᠠᠯ ᠲᠠᠢ

ᠬᠠᠷᠢᠯᠴᠠᠬᠤ ᠵᠡᠷᠭᠡ ᠲᠠᠪᠴᠠᠩ ᠶᠣᠰᠣᠭᠠᠷ ᠣᠯᠠᠨ ᠲᠦᠮᠡᠨ ᠳᠤ ᠨᠠᠩ ᠰᠠᠶᠢᠨ ᠦᠢᠯᠡᠴᠢᠯᠡᠵᠦ᠂ ᠨᠠᠮ ᠤᠨ ᠲᠡᠤᠬᠡ ᠶᠢᠨ

ᠰᠤᠷᠤᠯᠴᠠᠯᠭ᠎ᠠ ᠬᠥᠮᠦᠵᠢᠯ ᠢ ᠮᠠᠨ ᠤ ᠣᠯᠠᠨ ᠲᠦᠮᠡᠨ ᠳᠤ ᠦᠢᠯᠡᠴᠢᠯᠡᠬᠦ ᠲᠠᠢ ᠨᠢᠭᠲᠠ ᠤᠶᠠᠯᠳᠤᠭᠤᠯᠵᠤ᠂ ᠣᠯᠠᠨ

ᠲᠦᠮᠡᠨ ᠳᠤ ᠲᠠᠭᠠᠰᠢᠶᠠᠭᠳᠠᠭᠰᠠᠨ ᠪᠠᠶᠢᠭᠤᠯᠤᠯᠭ᠎ᠠ ᠶᠢᠨ ᠺᠠᠳ᠋ᠷ ᠢ ᠪᠣᠶ ᠪᠣᠯᠭᠠᠵᠤ᠂ ᠣᠯᠠᠨ ᠲᠦᠮᠡᠨ ᠳᠤ

ᠲᠠᠭᠠᠰᠢᠶᠠᠭᠳᠠᠭᠰᠠᠨ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢ ᠡᠭᠦᠳᠦᠨ ᠪᠠᠶᠢᠭᠤᠯᠬᠤ ᠬᠡᠷᠡᠭᠲᠡᠶ︾

ᠭᠡᠵᠡᠶ᠃

    ᠨᠠᠮ ᠤᠨ ᠲᠡᠦᠬᠡ ᠶᠢ ᠭᠦᠨᠵᠡᠭᠡᠢ ᠰᠤᠷᠤᠯᠴᠠᠵᠤ᠂ ᠬᠥᠭᠵᠢᠯᠲᠡ ᠶᠢᠨ ᠬᠦᠴᠦᠨ ᠢ ᠰᠢᠩᠭᠡᠭᠡᠨ ᠠᠪᠤᠨ᠎ᠠ᠃

ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠴᠠᠪ ᠬᠤᠲᠠ ᠶᠢᠨ

ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠬᠤᠯᠪᠣᠭᠳᠠᠯ ᠪᠦᠬᠦᠢ

ᠱᠠᠭᠠᠷᠳᠠᠯᠭ᠎ᠠ ᠶᠣᠰᠣᠭᠠᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠨᠠᠮ ᠤᠨ ᠲᠡᠦᠬᠡ ᠶᠢᠨ ᠰᠤᠷᠤᠯᠴᠠᠯᠭ᠎ᠠ

ᠬᠥᠮᠦᠵᠢᠯ ᠢ ᠰᠠᠶᠢᠲᠤᠷ ᠥᠷᠨᠢᠭᠦᠯᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠡᠳᠦᠷ ᠲᠤᠲᠤᠮ ᠤᠨ

ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠤᠷᠢᠳᠴᠢᠯᠠᠨ ᠲᠥᠯᠥᠪᠵᠢᠭᠦᠯᠵᠦ᠂ ᠨᠢᠭᠡᠳᠦᠯᠲᠡᠶ ᠲᠥᠯᠥᠪᠯᠡᠨ

ᠠᠬᠢᠭᠤᠯᠵᠤ᠂ ᠤᠳᠤᠷᠢᠳᠤᠯᠭ᠎ᠠ ᠪᠠᠨ ᠴᠢᠩᠭᠠᠳᠬᠠᠨ᠂ ᠵᠢᠯᠣᠭᠤᠳᠣᠯᠭ᠎ᠠ ᠪᠠᠨ ᠴᠢᠩᠭᠠᠳᠬᠠᠵᠤ᠂ ᠨᠠᠮ ᠤᠨ ᠲᠡᠤᠬᠡ ᠶᠢᠨ

ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠳᠥᠯᠭᠢᠨ

ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠷᠪᠠᠨ ᠳᠥᠷᠪᠡᠳᠦᠭᠡᠷ ᠲᠠᠪᠤᠨ ᠵᠢᠯ ᠤᠨ

ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂

ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦᠷᠭᠡᠨ ᠬᠥᠭᠵᠢᠯᠲᠡ᠂ ᠰᠢᠨ᠎ᠡ ᠶᠢ ᠡᠭᠦᠳᠬᠦ ᠬᠥᠭᠵᠢᠯᠲᠡ᠂

ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ

ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠨ᠎ᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ

ᠪᠠᠶᠢᠩᠭᠤ ᠶᠢᠨ ᠳᠡᠳ᠋ ᠳᠠᠷᠤᠭ᠎ᠠ ᠵᠠᠩ ᠬᠠᠶ ᠴᠢᠩ᠄ ︽ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ

ᠥᠷᠨᠢᠭᠦᠯᠦᠭᠰᠡᠨ ᠠᠴᠠ ᠨᠠᠰᠢ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠠᠵᠢᠯ ᠤᠨ ᠲᠥᠰᠦᠯ ᠢᠶᠠᠨ ᠴᠠᠭ

ᠲᠤᠬᠠᠶ ᠳᠤ ᠨᠢ ᠰᠤᠳᠤᠯᠤᠨ ᠲᠣᠭᠲᠠᠭᠠᠵᠤ ᠳᠠᠷᠤᠮᠠᠯᠯᠠᠨ ᠲᠠᠷᠬᠠᠭᠠᠵᠤ᠂ ᠤᠳᠤᠷᠢᠳᠬᠤ ᠳᠤᠭᠤᠶᠢᠯᠠᠩ ᠪᠠ ᠠᠯᠪᠠᠨ ᠬᠡᠷ

ᠪᠠᠶᠢᠭᠤᠯᠤᠨ᠂ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠨᠠᠮ ᠤᠨ

ᠲᠡᠤᠬᠡ ᠶᠢᠨ ᠲᠤᠰᠬᠠᠶ ᠰᠡᠳᠦᠪᠲᠦ ᠬᠠᠮᠲᠤ ᠶᠢᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂

ᠤᠳᠤᠷᠢᠳᠬᠤ ᠺᠠᠳ᠋ᠷ ᠲᠦᠷᠦᠭᠦᠯᠡᠨ ᠰᠤᠷᠤᠯᠴᠠᠬᠤ᠂ ᠡᠷᠳᠡᠮᠲᠡᠨ ᠮᠡᠷᠭᠡᠵᠢᠯᠲᠡᠨ ᠤᠷᠢᠵᠤ ᠳᠠᠭᠠᠭᠤᠯᠤᠨ ᠰᠤᠷᠤᠯᠴᠠᠬᠤ᠂

ᠡᠯ᠎ᠡ ᠨᠢᠭᠡᠴᠢ ᠪᠡᠶ᠎ᠡ ᠪᠠᠨ ᠳᠠᠭᠠᠭᠠᠨ ᠰᠤᠷᠤᠯᠴᠠᠬᠤ ᠠᠭᠤᠷ ᠠᠮᠢᠰᠬᠤᠯ ᠢ ᠠᠩᠬ᠎ᠠ ᠠᠯᠬᠤᠮ ᠪᠣᠶ ᠪᠣᠯᠭᠠᠪᠠ︾ ᠭᠡᠪᠡ᠃

     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ᠂ ᠴᠠᠬᠠᠷ ᠪᠠᠷᠠᠭᠤᠨ ᠭᠠᠷᠤᠨ ᠳᠤᠮᠳᠠᠳᠤ

ᠬᠤᠰᠢᠭᠤ ᠨᠤᠲᠤᠭ ᠤᠰᠤᠨ ᠤ ᠪᠠᠨ ᠡᠬᠢ ᠪᠠᠶᠠᠯᠢᠭ ᠢ ᠭᠦᠨ ᠠᠭᠤᠳᠠᠯᠵᠤ᠂ ᠲᠤᠰ ᠭᠠᠵᠠᠷ ᠤᠨ ᠬᠤᠪᠢᠰᠬᠠᠯ ᠤᠨ ᠡᠬᠢ

ᠪᠠᠶᠠᠯᠢᠭ ᠢ ᠭᠦᠢᠴᠡᠳ ᠠᠭᠤᠳᠠᠯᠤᠨ ᠠᠰᠢᠭᠯᠠᠵᠤ᠂ ᠲᠡᠭᠦᠨ ᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ

ᠥᠷᠨᠢᠭᠦᠯᠬᠦ ᠠᠮᠢᠳᠤᠯᠢᠭ᠂ ᠠᠮᠢᠳᠤ ᠰᠣᠷᠭᠤᠭ ᠵᠢᠭᠠᠬᠤ ᠮᠠᠲ᠋ᠧᠷᠢᠶᠠᠯ ᠪᠣᠯᠭᠠᠵᠤ᠂ ᠠᠷᠠᠳ ᠲᠦᠮᠡᠨ ᠢᠶᠠᠷ ᠭᠤᠣᠯ

ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ

ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ

ᠲᠦᠮᠡᠨ ᠤ ︽ᠪᠠᠴᠢᠮᠳᠠᠬᠤ ᠬᠦᠴᠢᠷᠳᠡᠬᠦ ᠵᠣᠪᠠᠨᠢᠬᠤ ᠬᠦᠰᠡᠬᠦ︾ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ

᠂ ᠤᠨᠤᠯ ᠤᠨ ᠵᠢᠭᠰᠠᠭᠠᠯ ᠤᠨ ᠭᠠᠵᠠᠷ᠂ ᠬᠤᠪᠢᠰᠬᠠᠯ ᠤᠨ ᠵᠢᠭᠰᠠᠭᠠᠯ ᠤᠨ ᠭᠠᠵᠠᠷ᠂ ᠪᠣᠯᠪᠠᠰᠤᠨ ᠦᠢᠯᠡᠳᠦᠯᠭᠡ ᠵᠡᠷᠭᠡ

ᠵᠢᠭᠰᠠᠭᠠᠯ ᠤᠨ ᠭᠠᠵᠠᠷ ᠪᠣᠯᠤᠨ ᠰᠢᠨ᠎ᠡ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ ᠨᠠᠮ ᠤᠨ ᠲᠡᠦᠬᠡ ᠶᠢᠨ

ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ

ᠤᠶᠠᠯᠳᠤᠭᠤᠯᠬᠤ ᠠᠷᠭ᠎ᠠ ᠬᠡᠯᠪᠡᠷᠢ ᠪᠠᠷ ᠤᠯᠠᠨ ᠶᠠᠩᠵᠤ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ

ᠠᠵᠢᠯᠯᠠᠭ᠎ᠠ ᠶᠢ ᠥᠷᠨᠢᠭᠦᠯᠵᠦ᠂ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠲᠡᠦᠬᠡ ᠶᠢ

ᠰᠠᠶᠢᠲᠤᠷ ᠰᠤᠷᠤᠯᠴᠠᠵᠤ᠂ ᠰᠠᠶᠢᠲᠤᠷ ᠳ᠋ᠦᠩᠨᠡᠵᠦ᠂ ᠰᠠᠶᠢᠲᠤᠷ ᠤᠯᠠᠮᠵᠢᠯᠠᠵᠤ᠂ ᠰᠠᠶᠢᠲᠤᠷ ᠪᠠᠳᠠᠷᠠᠭᠤᠯᠤᠨ᠎ᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ

ᠪᠠᠶᠢᠩᠭᠤ ᠶᠢᠨ ᠳᠡᠳ᠋ ᠳᠠᠷᠤᠭ᠎ᠠ ᠵᠠᠩ ᠬᠠᠶ ᠴᠢᠩ ᠬᠡᠯᠡᠬᠦ ᠳᠤ ᠪᠠᠨ᠄ ︽ᠨᠠᠮ ᠤᠨ ᠲᠡᠦᠬᠡ ᠪᠣᠯ ᠬᠠᠮᠤᠭ ᠤᠨ ᠰᠠᠶᠢᠨ

ᠰᠤᠷᠬᠤ ᠪᠢᠴᠢᠭ ᠮᠥᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠡᠯᠪᠡᠭ ᠪᠠᠶᠠᠯᠢᠭ ᠬᠤᠪᠢᠰᠬᠠᠯ ᠤᠨ

ᠡᠬᠢ ᠪᠠᠶᠠᠯᠢᠭ ᠲᠠᠢ᠂ ᠳᠠᠯᠠᠨ ᠬᠠᠷ᠎ᠠ ᠠᠭᠤᠯᠠᠨ ᠤ ᠶᠠᠫᠣᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ

ᠴᠢᠬᠤᠯᠠ ᠪᠦᠷᠢᠯᠳᠦᠬᠦᠨ ᠬᠡᠰᠡᠭ ᠮᠥᠨ᠂ ᠲᠤᠬᠠᠶ ᠶᠢᠨ ᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ

ᠰᠦᠢᠶᠤᠸᠠᠨ ᠤ ᠳᠤᠮᠳᠠ ᠬᠡᠰᠡᠭ ᠤᠨ ᠲᠤᠰᠬᠠᠶ ᠣᠷᠣᠨ ᠤ ᠨᠠᠮ ᠤᠨ ᠬᠤᠷᠢᠶ᠎ᠠ ᠠᠴᠠ ᠶᠠᠫᠣᠨ ᠢ ᠡᠰᠡᠷᠭᠦᠴᠡᠬᠦ

ᠲᠡᠮᠡᠴᠡᠯ ᠢ ᠤᠳᠤᠷᠢᠳᠤᠨ ᠥᠷᠨᠢᠭᠦᠯᠦᠭᠰᠡᠨ ᠬᠤᠰᠢᠭᠤᠴᠢ ᠣᠷᠣᠨ ᠪᠠ ᠭᠤᠣᠯ ᠣᠷᠣᠨ ᠪᠣᠯᠤᠨ᠎ᠠ᠂ ᠪᠢᠳᠡ ᠨᠠᠮ ᠤᠨ

ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ᠂ ᠳᠡᠷᠭᠡᠳᠡᠬᠢ ᠬᠤᠪᠢᠰᠬᠠᠯ ᠤᠨ ᠡᠬᠢ ᠪᠠᠶᠠᠯᠢᠭ ᠢᠶᠠᠨ ᠭᠦᠢᠴᠡᠳ

ᠠᠰᠢᠭᠯᠠᠵᠤ᠂ ᠲᠤᠬᠠᠶ ᠶᠢᠨ ᠵᠢᠯ ᠤᠨ ᠰᠦᠢᠶᠣᠸᠠᠨ ᠤ ᠳᠤᠮᠳᠠ ᠬᠡᠰᠡᠭ ᠤᠨ ᠦᠨᠳᠦᠰᠦᠲᠡᠨ ᠨᠦᠭᠦᠳ ᠤᠨ ᠬᠥᠪᠡᠭᠦᠳ

ᠥᠬᠢᠳ ᠤᠨ ᠨᠠᠮ ᠤᠨ ᠤᠳᠤᠷᠢᠳᠤᠯᠭ᠎ᠠ ᠳᠣᠤᠷ᠎ᠠ ᠪᠦᠯᠬᠦᠮᠳᠡᠨ ᠳᠠᠶᠢᠰᠤᠨ ᠲᠠᠢ ᠲᠡᠮᠡᠴᠡᠵᠦ᠂ ᠡᠷᠡᠯᠬᠡᠭ

ᠪᠠᠭᠠᠲᠤᠷᠯᠢᠭ ᠢᠶᠠᠷ ᠲᠡᠮᠡᠴᠡᠭᠰᠡᠨ ᠬᠤᠪᠢᠰᠬᠠᠯ ᠤᠨ ᠥᠯᠢᠭᠡᠷ ᠢ ᠰᠠᠶᠢᠲᠤᠷ ᠶᠠᠷᠢᠵᠤ᠂ ᠪᠥᠬᠦ ᠬᠤᠰᠢᠭᠤᠨ ᠤ

ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠨᠠᠮ ᠤᠨ ᠲᠡᠤᠬᠡ ᠶᠢ ᠰᠤᠷᠤᠯᠴᠠᠬᠤ᠂ ᠦᠵᠡᠯ ᠰᠠᠨᠠᠭ᠎ᠠ ᠶᠢ

ᠣᠶᠢᠯᠠᠭᠠᠬᠤ᠂ ᠪᠣᠳᠠᠲᠠᠶ ᠠᠵᠢᠯ ᠬᠢᠬᠦ ᠬᠠᠯᠠᠭᠤᠨ ᠰᠡᠳᠬᠢᠯᠭᠡ ᠶᠢ ᠬᠥᠭᠵᠢᠭᠡᠨ᠎ᠡ︾ ᠭᠡᠵᠡᠶ᠃  

     ᠵᠠᠭᠤᠨ ᠵᠢᠯ ᠤᠨ ᠠᠶᠠᠨ ᠵᠠᠮ ᠰᠦᠷ ᠳᠠᠯᠠᠶᠢᠴᠠᠲᠠᠢ ᠶᠠᠪᠤᠭᠳᠠᠵᠤ᠂ ᠮᠢᠩᠭᠠᠨ ᠣᠨ ᠤ ᠠᠤᠭ᠎ᠠ ᠦᠢᠯᠡᠰ ᠰᠢᠨ᠎ᠡ

ᠠᠶᠠᠨ ᠢᠶᠠᠨ ᠡᠬᠢᠯᠡᠭᠦᠯᠦᠯ᠎ᠡ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ︽ᠬᠤᠤᠰ ᠵᠠᠭᠤᠨ ᠵᠢᠯ︾ ᠤᠨ

ᠲᠡᠤᠬᠡ ᠶᠢᠨ ᠠᠭᠤᠯᠵᠠᠷ ᠳᠡᠭᠡᠷ᠎ᠡ ᠵᠣᠭᠰᠣᠵᠤ᠂ ᠨᠠᠮ ᠤᠨ ᠲᠡᠤᠬᠡ ᠭᠡᠬᠦ ᠡᠨᠡ ᠬᠦ ᠵᠠᠪᠠᠯ ᠰᠤᠷᠬᠤ ᠬᠢᠴᠢᠶᠡᠯ ᠢ ᠰᠠᠶᠢᠲᠤᠷ

ᠰᠤᠷᠤᠯᠴᠠᠵᠤ᠂ ᠨᠠᠮ ᠤᠨ ᠲᠡᠤᠬᠡ ᠪᠠᠷ ᠤᠷᠤᠭᠰᠢᠯᠠᠯᠲᠠ ᠶᠢᠨ ᠵᠠᠮ ᠢᠶᠠᠨ ᠭᠡᠷᠡᠯᠲᠦᠭᠦᠯᠦᠨ᠂ ᠨᠠᠮ ᠤᠨ ᠲᠡᠤᠬᠡ ᠪᠠᠷ

ᠣᠶᠤᠨ ᠰᠠᠨᠠᠭᠠᠨ ᠤ ᠲᠣᠭᠤᠰᠣ ᠪᠠᠨ ᠤᠬᠢᠶᠠᠵᠤ᠂ ᠨᠠᠮ ᠤᠨ ᠲᠡᠤᠬᠡ ᠪᠠᠷ ᠡᠷᠡᠯᠬᠡᠭᠯᠡᠨ ᠤᠷᠤᠭᠰᠢᠯᠠᠬᠤ ᠬᠦᠴᠦᠨ ᠢᠶᠠᠨ

ᠬᠥᠭᠵᠢᠭᠡᠵᠦ᠂ ᠰᠢᠨ᠎ᠡ ᠴᠠᠭ ᠦᠶ᠎ᠡ ᠶᠢᠨ ᠬᠠᠷᠢᠭᠤᠯᠲᠠ ᠶᠢ ᠡᠷᠡᠰ ᠪᠠᠲᠤ ᠬᠠᠷᠢᠭᠤᠯᠵᠤ᠂ ᠴᠠᠬᠠᠷ ᠪᠠᠷᠠᠭᠤᠨ ᠭᠠᠷᠤᠨ

ᠳᠤᠮᠳᠠᠳᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃

        ᠰᠣᠷᠪᠣᠯᠵᠢᠯᠬᠠᠴᠢ᠄  ᠰᠦᠨ ᠵᠧᠨ ᠵᠢᠶᠦ᠋ᠨ      ᠶᠠᠩ ᠴᠢᠤᠸᠠᠨ

        ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

       ᠣᠷᠴᠢᠭᠤᠯᠣᠨᠨᠴᠢ᠄  ᠭᠧ ᠲᠣᠸᠠᠨ ᠯᠢᠶᠡᠨ

   

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号