ᠬᠤᠪᠢ ᠬᠥᠮᠦᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠬᠡᠷᠬᠢᠨ ᠰᠡᠷᠭᠡᠶᠢᠯᠡᠬᠦ ᠪᠣᠶ
ᠨᠡᠶᠢᠲᠡᠯᠡᠭᠰᠡᠨ ᠴᠠᠭ᠄
2021/8/17
              1. ᠭᠠᠷ ᠤᠨ ᠠᠷᠢᠭᠤᠨ ᠴᠡᠪᠡᠷ ᠢ ᠪᠠᠲᠤᠯᠠᠨ᠎ᠠ᠃ ᠬᠠᠨᠢᠶᠠᠬᠤ᠂ ᠬᠤᠭᠤᠯᠠᠨ ᠤ ᠡᠮᠦᠨ᠎ᠡ ᠭᠠᠳᠠᠭᠠᠯᠠᠭᠰᠠᠨ ᠤ ᠳᠠᠷᠠᠭ᠎ᠠ᠂ ᠠᠮᠢᠲᠠᠨ ᠤ ᠢᠯᠭᠠᠳᠠᠰᠤ ᠲᠠᠢ ᠬᠦᠷᠦᠯᠴᠡᠬᠦ ᠪᠤᠶᠤ ᠰᠢᠢᠳᠪᠦᠷᠢᠯᠡᠭᠰᠡᠨ ᠤ ᠳᠠᠷᠠᠭ᠎ᠠ᠂ ᠤᠰᠤ ᠪᠠᠷ ᠭᠠᠷ ᠢᠶᠠᠨ ᠤᠬᠢᠶᠠᠬᠤ ᠪᠤᠶᠤ ᠰᠫᠢᠷᠲ ᠤᠨ ᠪᠦᠷᠢᠯᠳᠦᠬᠦᠨ ᠲᠠᠢ ᠥᠯᠥ ᠤᠬᠢᠶᠠᠬᠤ ᠭᠠᠷ ᠤᠬᠢᠶᠠᠬᠤ ᠰᠢᠩᠭᠡᠨ ᠢ ᠬᠡᠷᠡᠭᠯᠡᠨ᠎ᠡ᠃2. ᠭᠡᠷ ᠳᠣᠲᠣᠷᠠᠬᠢ ᠠᠭᠠᠷ ᠨᠡᠪᠲᠡᠷᠡᠬᠦ ᠶᠢ ᠪᠠᠲᠤᠯᠠᠨ᠎ᠠ᠃ ᠪᠢᠲᠡᠭᠦᠮᠵᠢᠯᠡᠭᠰᠡᠨ᠂ ᠠᠭᠠᠷ ᠨᠡᠪᠲᠡᠷᠡᠬᠦ ᠥᠬᠡᠶ ᠣᠯᠠᠨ ᠨᠡᠶᠢᠲᠡ ᠶᠢᠨ ᠲᠠᠯᠠᠪᠤᠷ ᠭᠠᠵᠠᠷ ᠪᠠ ᠬᠥᠮᠦᠨ ᠣᠯᠠᠨ ᠲᠥᠪᠯᠡᠷᠡᠭᠰᠡᠨ ᠭᠠᠵᠠᠷ ᠲᠤ ᠣᠴᠢᠬᠤ ᠠᠴᠠ ᠵᠠᠶᠢᠯᠠᠰᠬᠢᠵᠦ᠂ ᠴᠢᠬᠤᠯᠠ ᠲᠠᠢ ᠦᠶ᠎ᠡ ᠳᠤ ᠠᠮᠠᠪᠴᠢ ᠵᠡᠭᠦᠬᠦ ᠬᠡᠷᠡᠭᠲᠡᠶ᠃3. ᠬᠠᠨᠢᠶᠠᠬᠤ ᠪᠠ ᠨᠠᠶᠢᠲᠠᠭᠠᠬᠤ ᠦᠶ᠎ᠡ ᠳᠤ ᠴᠠᠭᠠᠰᠤᠨ ᠠᠯᠴᠢᠭᠤᠷ ᠪᠤᠶᠤ ᠭᠠᠷ ᠤᠨ ᠲᠣᠬᠤᠢ ᠪᠠᠷ ᠢᠶᠠᠨ ᠠᠮᠠ ᠬᠠᠮᠠᠷ ᠢᠶᠠᠨ ᠬᠠᠯᠬᠠᠯᠠᠵᠤ᠂ ᠦᠰᠦᠷᠬᠦ ᠠᠴᠠ ᠰᠡᠷᠭᠡᠶᠢᠯᠡᠨ᠎ᠡ᠃ ᠨᠠᠶᠢᠲᠠᠭᠠᠵᠤ ᠪᠠᠷᠠᠭᠰᠠᠨ ᠤ ᠳᠠᠷᠠᠭ᠎ᠠ ᠨᠢᠳᠦ ᠪᠠᠨ ᠨᠤᠬᠤᠯᠬᠤ ᠪᠤᠶᠤ ᠰᠠᠯᠢᠰᠤᠲᠤ ᠪᠦᠷᠬᠦᠪᠴᠢ ᠶᠢᠨ ᠬᠡᠰᠡᠭ ᠲᠤ ᠬᠦᠷᠦᠯᠴᠡᠵᠦ ᠪᠣᠯᠬᠤ ᠦᠭᠡᠢ᠃4. ᠡᠮᠨᠡᠯᠭᠡ ᠳᠤ ᠡᠮᠨᠡᠭᠦᠯᠬᠦ ᠪᠤᠶᠤ ᠰᠤᠪᠢᠯᠠᠵᠤ ᠡᠮᠨᠡᠭᠦᠯᠬᠦ ᠳᠡᠭᠡᠨ ᠡᠷᠬᠡᠪᠰᠢ ᠡᠮᠨᠡᠯᠭᠡ ᠳᠤ ᠬᠡᠷᠡᠭᠯᠡᠬᠦ ᠭᠠᠳᠠᠷ ᠰᠠᠯᠠᠭᠠᠨ ᠤ ᠠᠮᠠᠪᠴᠢ ᠶᠢ ᠵᠥᠪ ᠣᠨᠣᠪᠴᠢᠲᠠᠶ ᠵᠡᠭᠦᠬᠦ ᠬᠡᠷᠡᠭᠲᠡᠶ᠃5. ᠠᠮᠤᠷ ᠲᠦᠪᠰᠢᠨ ᠢᠳᠡᠭᠡᠨ ᠤᠮᠳᠠᠭᠠᠨ ᠤ ᠰᠠᠶᠢᠨ ᠳᠠᠳᠬᠠᠯ ᠢ ᠪᠣᠶ ᠪᠣᠯᠭᠠᠵᠤ᠂ ᠲᠦᠭᠦᠬᠡᠶ ᠢᠳᠡᠭᠡᠨ ᠪᠠ ᠪᠤᠯᠭᠤᠭᠰᠠᠨ ᠢᠳᠡᠭᠡᠨ ᠢ ᠰᠢᠢᠳᠪᠦᠷᠢᠯᠡᠬᠦ ᠨᠣᠭᠤᠭ᠎ᠠ ᠬᠡᠷᠴᠢᠬᠦ ᠬᠠᠪᠲᠠᠰᠤ ᠪᠠ ᠬᠢᠲᠤᠭ᠎ᠠ ᠬᠡᠷᠡᠭᠰᠡᠯ ᠢ ᠰᠠᠯᠭᠠᠵᠤ᠂ ᠮᠢᠬᠠᠨ ᠤ ᠵᠦᠢᠯ ᠪᠠ ᠥᠨᠳᠡᠭᠡ ᠶᠢᠨ ᠵᠦᠢᠯ ᠢ ᠲᠦᠢᠯᠪᠤᠷᠢᠲᠠᠶ ᠴᠢᠨᠠᠵᠤ ᠪᠤᠯᠭᠤᠨ᠎ᠠ᠃ ᠬᠡᠭᠡᠷ᠎ᠡ ᠶᠢᠨ ᠠᠮᠢᠲᠠᠨ ᠢ ᠢᠳᠡᠬᠦ ᠦᠭᠡᠶ᠃ 6. ᠬᠠᠮᠠᠭᠠᠯᠠᠯᠲᠠ ᠥᠬᠡᠶ ᠪᠠᠶᠢᠳᠠᠯ ᠳᠣᠤᠷ᠎ᠠ ᠬᠡᠭᠡᠷ᠎ᠡ ᠶᠢᠨ ᠠᠮᠢᠲᠠᠨ ᠲᠠᠢ ᠣᠶᠢᠷᠠᠳᠬᠤ ᠪᠤᠶᠤ ᠠᠮᠢᠲᠠᠨ ᠢ ᠲᠡᠵᠢᠭᠡᠨ ᠦᠷᠡᠵᠢᠭᠦᠯᠬᠦ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃                   ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠤᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ          ᠣᠷᠴᠢᠭᠤᠯᠤᠨᠨᠴᠢ᠄  ᠭᠧ ᠲᠤᠸᠠᠨ ᠯᠢᠶᠡᠨ      
 
ᠢᠷᠡᠯᠲᠡ᠄ ᠴᠠᠬᠠᠷ ᠪᠠᠷᠠᠭᠤᠨ ᠭᠠᠷᠤᠨ ᠲᠤᠮᠳᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号