ᠵᠢᠭᠤᠯᠴᠢᠯᠠᠯ ᠤᠨ ᠳᠤᠮᠳᠠ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠬᠠᠯᠳᠠᠪᠤᠷᠢᠯᠠᠬᠤ ᠲᠦᠭᠰᠢᠭᠦᠷᠢ ᠶᠢ ᠬᠡᠷᠬᠢᠨ ᠪᠠᠭᠠᠰᠬᠠᠬᠤ ᠪᠣᠶ︖
ᠨᠡᠶᠢᠲᠡᠯᠡᠭᠰᠡᠨ ᠴᠠᠭ᠄
2021/8/17
                     ᠭᠠᠳᠠᠭᠰᠢ ᠭᠠᠷᠴᠤ ᠵᠤᠭᠠᠴᠠᠬᠤ ᠳᠤ᠂ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ ᠢᠯᠡᠷᠡᠯ ᠲᠠᠢ ᠪᠣᠯ ᠠᠮᠠᠪᠴᠢ ᠵᠡᠭᠦᠵᠦ᠂ ᠳᠠᠷᠦ᠋ᠢᠬᠠᠨ ᠵᠠᠮᠴᠢᠯᠠᠭᠴᠢ ᠪᠤᠶᠤ ᠪᠠᠭᠤᠳᠠᠯ ᠤᠨ ᠠᠵᠢᠯᠲᠠᠳ ᠲᠤ ᠮᠡᠳᠡᠭᠳᠡᠵᠦ᠂ ᠣᠶᠢᠷ᠎ᠠ ᠬᠠᠪᠢ ᠶᠢᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠪᠤᠶᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠲᠦᠷᠭᠡᠨ ᠬᠦᠷᠴᠦ ᠡᠮᠨᠡᠭᠦᠯᠬᠦ ᠶᠢᠨ ᠬᠠᠮᠲᠤ ᠬᠢᠵᠢᠭ ᠤᠨ ᠪᠠᠶᠢᠳᠠᠯ ᠣᠯᠠᠨ ᠡᠭᠦᠰᠳᠡᠭ ᠭᠠᠵᠠᠷ ᠪᠤᠶᠤ ᠳᠡᠭᠡᠷ᠎ᠡ ᠶᠠᠷᠢᠭᠰᠠᠨ ᠭᠠᠵᠠᠷ ᠣᠷᠣᠨ ᠠᠴᠠ ᠢᠷᠡᠭᠰᠡᠨ ᠬᠥᠮᠦᠰ ᠲᠠᠢ ᠣᠶᠢᠷᠠᠳᠴᠤ ᠥᠩᠭᠡᠷᠡᠭᠰᠡᠨ ᠡᠰᠡᠬᠦ ᠶᠢᠨ ᠵᠠᠩᠭᠢᠯᠠᠭ᠎ᠠ ᠶᠢᠨ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠮᠡᠳᠡᠭᠳᠡᠵᠦ᠂ ᠡᠮᠴᠢ ᠶᠢᠨ ᠴᠠᠭ ᠲᠤᠬᠠᠶ ᠳᠤᠨᠢ ᠣᠨᠣᠪᠴᠢᠲᠠᠶ ᠮᠠᠭᠠᠳᠯᠠᠬᠤ ᠳᠤ ᠳᠥᠭᠦᠮ ᠦᠵᠡᠭᠦᠯᠬᠦ ᠬᠡᠷᠡᠭᠲᠡᠶ᠃      ᠬᠠᠯᠠᠭᠤᠷᠠᠬᠤ᠂ ᠲᠠᠮᠢᠷᠳᠠᠬᠤ ᠵᠡᠷᠭᠡ ᠰᠢᠨᠵᠢ ᠲᠡᠮᠳᠡᠭ ᠢᠯᠡᠷᠡᠬᠦ ᠦᠶ᠎ᠡ ᠳᠤ ᠶᠠᠭᠠᠬᠢᠪᠠᠯ ᠵᠣᠬᠢᠬᠤ ᠪᠣᠢ︖      1. ᠬᠠᠯᠠᠭᠤᠷᠠᠬᠤ᠂ ᠲᠠᠮᠢᠷᠳᠠᠬᠤ᠂ ᠬᠠᠭᠤᠷᠠᠶ ᠪᠠᠷ ᠬᠠᠨᠢᠶᠠᠬᠤ ᠵᠡᠷᠭᠡ ᠡᠪᠡᠳᠴᠢᠨ ᠤ ᠢᠯᠡᠷᠡᠯ ᠨᠢ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠪᠢᠰᠢ ᠪᠠᠶᠢᠵᠤ ᠮᠡᠳᠡᠨ᠎ᠡ᠂ ᠴᠠᠭ ᠲᠤᠬᠠᠶ ᠳᠤᠨᠢ ᠵᠢᠩᠬᠢᠨᠢ ᠡᠮᠴᠢᠯᠡᠭᠡᠨ ᠤ ᠪᠠᠶᠢᠭᠤᠯᠤᠮᠵᠢ ᠳᠤ ᠣᠴᠢᠵᠤ ᠡᠮᠨᠡᠭᠦᠯᠦᠨ᠂ ᠡᠮᠴᠢ ᠳᠤ ᠬᠤᠪᠢ ᠬᠥᠮᠦᠨ ᠤ ᠡᠪᠡᠳᠴᠢᠨ ᠤ ᠪᠠᠶᠢᠳᠠᠯ ᠪᠠ ᠣᠶᠢᠷ᠎ᠠ ᠶᠢᠨ ᠬᠤᠭᠤᠴᠠᠭᠠᠨ ᠤ ᠬᠥᠳᠡᠯᠭᠡᠭᠡᠨ ᠤ ᠪᠠᠶᠢᠳᠠᠯ ᠢᠶᠠᠨ ᠨᠠᠷᠢᠨ ᠲᠣᠳᠣᠷᠬᠠᠶ ᠬᠡᠯᠡᠵᠦ ᠥᠭᠬᠦ ᠬᠡᠷᠡᠭᠲᠡᠶ᠃      2. ᠬᠡᠷᠪᠡ ᠡᠪᠡᠳᠴᠢᠯᠡᠬᠦ ᠠᠴᠠ ᠡᠮᠦᠨ᠎ᠡ 14 ᠡᠳᠦᠷ ᠤᠨ ᠳᠣᠲᠣᠷ᠎ᠠ ᠬᠢᠵᠢᠭ ᠤᠨ ᠪᠠᠶᠢᠳᠠᠯ ᠣᠯᠠᠨ ᠡᠭᠦᠰᠳᠡᠭ ᠭᠠᠵᠠᠷ ᠣᠷᠣᠨ ᠢᠶᠠᠷ ᠵᠢᠭᠤᠯᠴᠢᠯᠠᠭᠰᠠᠨ ᠪᠤᠶᠤ ᠡᠪᠡᠳᠴᠢᠯᠡᠬᠦ ᠠᠴᠠ ᠡᠮᠦᠨ᠎ᠡ 14 ᠡᠳᠦᠷ ᠤᠨ ᠳᠣᠲᠣᠷ᠎ᠠ ᠳᠡᠭᠡᠷᠡᠬᠢ ᠭᠠᠵᠠᠷ ᠣᠷᠣᠨ ᠤ ᠬᠠᠯᠠᠭᠤᠷᠠᠬᠤ ᠶᠢᠨ ᠬᠠᠮᠲᠤ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠲᠠᠢ ᠡᠪᠡᠳᠴᠢᠲᠡᠨ ᠲᠠᠢ ᠬᠦᠷᠦᠯᠴᠡᠭᠰᠡᠨ︔ ᠡᠰᠡᠬᠦᠯ᠎ᠡ ᠪᠠᠭ᠎ᠠ ᠬᠡᠪᠴᠢᠶᠡᠨ ᠤ ᠪᠥᠭᠡᠮᠨᠡᠷᠡᠭᠰᠡᠨ ᠡᠪᠡᠳᠴᠢᠨ ᠡᠭᠦᠰᠪᠡᠯ᠂ ᠲᠤᠬᠠᠶ ᠶᠢᠨ ᠭᠠᠵᠠᠷ ᠤᠨ ᠵᠢᠭᠠᠨ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠣᠴᠢᠵᠤ ᠡᠮᠨᠡᠭᠦᠯᠵᠦ᠂ ᠵᠢᠭᠰᠠᠭᠠᠨ ᠪᠠᠶᠢᠴᠠᠭᠠᠯᠭᠠᠬᠤ ᠬᠡᠷᠡᠭᠲᠡᠶ᠃                   ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠤᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ          ᠣᠷᠴᠢᠭᠤᠯᠤᠨᠨᠴᠢ᠄  ᠭᠧ ᠲᠤᠸᠠᠨ ᠯᠢᠶᠡᠨ        
 
ᠢᠷᠡᠯᠲᠡ᠄ ᠴᠠᠬᠠᠷ ᠪᠠᠷᠠᠭᠤᠨ ᠭᠠᠷᠤᠨ ᠲᠤᠮᠳᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号