【 ᠨᠠᠮ ᠤᠨ ᠲᠡᠦᠬᠡ】ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠨᠠᠮ ᠤᠨ ᠡᠭᠦᠷ ︽ᠬᠤᠪᠢᠰᠬᠠᠯ ᠤᠨ ᠭᠧᠨ ᠢ ᠵᠠᠯᠭᠠᠮᠵᠢᠯᠠᠵᠤ᠂ ᠨᠢᠭᠡᠳᠦᠮᠡᠯ ᠹᠷᠣᠨᠲ ᠤᠨ ᠬᠦᠴᠦᠨ ᠢ ᠨᠢᠭᠲᠠᠷᠠᠭᠤᠯᠤᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠵᠢᠴᠢ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠬᠥᠮᠦᠵᠢᠯ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2021/8/5
           8 ᠰᠠᠷ᠎ᠠ ᠶᠢᠨ 4 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠨᠠᠮ ᠤᠨ ᠡᠭᠦᠷ ︽ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠨᠢᠭᠡᠳᠦᠮᠡᠯ ᠹᠷᠣᠨᠲ ᠤᠨ ᠬᠦᠴᠦᠨ ᠢ ᠨᠢᠭᠲᠠᠷᠠᠭᠤᠯᠤᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠵᠢᠴᠢ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠬᠥᠮᠦᠵᠢᠯ ᠪᠣᠯᠪᠠᠰᠤᠷᠠᠯ ᠤᠨ ᠠᠩᠭᠢ ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠠᠲᠤᠵᠢᠷᠭᠠᠯ ᠠᠵᠢᠯᠯᠠᠭ᠎ᠠ ᠳᠤ ᠣᠷᠣᠯᠴᠠᠪᠠ᠃

    ᠰᠦᠢᠶᠤᠸᠠᠨ ᠤ ᠳᠤᠮᠳᠠ ᠬᠡᠰᠡᠭ ᠤᠨ ᠶᠠᠫᠣᠨ ᠢ ᠡᠰᠡᠷᠭᠦᠴᠡᠬᠦ ᠲᠠᠶᠢᠨ ᠤ ᠳᠤᠷᠠᠰᠬᠠᠯ ᠤᠨ ᠣᠷᠳᠣᠨ ᠳᠤ᠂

ᠤᠯᠠᠨ ᠢᠶᠠᠷ ᠢᠶᠠᠨ ᠲᠠᠶᠢᠯᠪᠤᠷᠢᠯᠠᠭᠴᠢ ᠶᠢᠨ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠭᠡᠷᠡᠯ ᠰᠠᠴᠤᠷᠠᠩᠭᠤᠢ

ᠲᠡᠮᠡᠴᠡᠯ ᠤᠨ ᠥᠩᠭᠡᠷᠡᠯᠲᠡ ᠶᠢ ᠲᠠᠶᠢᠯᠪᠤᠷᠢᠯᠠᠬᠤ ᠶᠢ ᠨᠠᠷᠢᠨ ᠬᠢᠨᠠᠮᠠᠭᠠᠢ ᠰᠣᠨᠣᠰᠴᠠᠢ᠃ ᠬᠤᠪᠢᠰᠬᠠᠯ ᠤᠨ ᠨᠥᠭᠴᠢᠭᠰᠡᠨ

ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠭᠠᠶᠢᠬᠠᠮᠰᠢᠭᠲᠤ ᠣᠨ ᠰᠠᠷ᠎ᠠ ᠶᠢ ᠳᠤᠷᠠᠰᠤᠨ ᠰᠠᠨᠠᠭᠠᠯᠵᠠᠨ᠎ᠠ᠃

ᠬᠠᠭᠤᠴᠢᠷᠠᠵᠤ ᠰᠢᠷᠠᠯᠠᠭᠰᠠᠨ ᠭᠡᠷᠡᠯ ᠵᠢᠷᠤᠭ ᠨᠢᠭᠡᠪᠦᠷᠢ᠂ ᠬᠤᠪᠣᠷ ᠨᠠᠨᠳᠢᠨ ᠭᠡᠷᠡᠯ ᠵᠢᠷᠤᠭ ᠨᠢᠭᠡᠪᠦᠷᠢ᠂ ᠪᠣᠷᠣᠭᠵᠢᠭᠤᠨ

ᠦᠨᠡᠨ ᠪᠣᠳᠠᠲᠠᠢ ᠳᠡᠯᠭᠡᠨ ᠦᠵᠡᠭᠦᠯᠬᠦ ᠵᠦᠢᠯ ᠨᠢᠭᠡᠪᠦᠷᠢ ᠳᠤ ᠴᠥᠮ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ

ᠤᠯᠤᠰ ᠭᠡᠷ ᠢᠶᠠᠨ ᠪᠤᠳᠤᠬᠤ᠂ ᠵᠣᠷᠢᠭᠲᠠᠢ ᠪᠠᠷ ᠲᠡᠮᠡᠴᠡᠬᠦ ᠬᠤᠪᠢᠰᠬᠠᠯᠲᠤ ᠰᠡᠳᠬᠢᠯᠭᠡ ᠶᠢ ᠢᠯᠡᠷᠡᠭᠦᠯᠵᠦ᠂ ᠳᠤᠮᠳᠠᠳᠤ

ᠤᠯᠤᠰ ᠤᠨ ᠡᠪ ᠬᠠᠮᠲᠤ ᠨᠠᠮ ᠤᠨ ᠡᠯ᠎ᠡ ᠲᠡᠦᠬᠡᠨ ᠴᠠᠭ ᠦᠶ᠎ᠡ ᠳᠤ ᠠᠷᠠᠳ ᠤᠨ ᠲᠥᠯᠥᠭᠡ ᠬᠤᠪᠢᠰᠬᠠᠯ ᠬᠢᠬᠦ

ᠰᠡᠳᠬᠢᠯᠭᠡ ᠪᠠ ᠨᠡᠶᠢᠲᠡ ᠶᠢᠨ ᠲᠥᠯᠥᠭᠡ ᠨᠠᠮ ᠪᠠᠶᠢᠭᠤᠯᠬᠤ ᠤᠭ ᠰᠠᠨᠠᠭ᠎ᠠ ᠶᠢ ᠲᠠᠶᠢᠯᠪᠤᠷᠢᠯᠠᠵᠠᠢ᠃ ᠭᠠᠯ ᠤᠯᠠᠭᠠᠨ

ᠨᠠᠮ ᠤᠨ ᠲᠤᠭ ᠤᠨ ᠡᠮᠦᠨ᠎ᠡ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠡᠷᠭᠢᠴᠡᠭᠦᠯᠵᠦ᠂ ᠨᠠᠮ ᠳᠤ

ᠣᠷᠣᠬᠤ ᠤᠭ ᠰᠠᠨᠠᠭ᠎ᠠ ᠪᠠᠨ ᠡᠷᠭᠢᠴᠡᠭᠦᠯᠵᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠡᠭᠦᠷᠭᠡ

ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠪᠡ᠃

     ᠪᠠᠲᠤᠵᠢᠷᠭᠠᠯ ᠵᠢᠭᠠᠵᠤ ᠭᠠᠷᠭᠠᠬᠤ ᠳᠠᠭᠠᠨ᠂ ᠲᠤᠰ ᠤᠳᠠᠭᠠᠨ ᠤ ᠠᠵᠢᠯᠯᠠᠭ᠎ᠠ ᠳᠤ ᠪᠠᠰᠠ ᠨᠠᠮ ᠤᠨ ᠭᠠᠳᠠᠨᠠᠬᠢ

ᠺᠠᠳ᠋ᠷ᠂ ᠨᠠᠮ ᠤᠨ ᠭᠠᠳᠠᠨᠠᠬᠢ ᠰᠡᠬᠡᠭᠡᠲᠡᠨ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ᠂ ᠨᠡᠶᠢᠲᠡ ᠶᠢᠨ

ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ᠂ ᠴᠥᠭᠡᠨ ᠲᠣᠭᠠᠲᠤ ᠦᠨᠳᠦᠰᠦᠲᠡᠨ ᠤ ᠬᠥᠮᠦᠰ ᠢ ᠤᠷᠢᠵᠤ

ᠣᠷᠣᠯᠴᠠᠭᠤᠯᠵᠠᠶ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠰᠢᠭᠤᠨ ᠤ ᠨᠠᠮ ᠤᠨ ᠬᠤᠷᠢᠶᠠᠨ ᠤ

ᠰᠢᠢᠳᠪᠦᠷᠢᠳᠣ ᠪᠤᠲᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ︽ᠬᠠᠮᠲᠤᠷᠠᠨ ᠠᠵᠢᠯᠯᠠᠬᠤ ᠤᠭ

ᠰᠠᠨᠠᠭ᠎ᠠ ᠪᠠᠨ ᠦᠯᠦ ᠮᠠᠷᠲᠠᠵᠤ᠂ ᠦᠷᠭᠦᠯᠵᠢᠯᠡᠨ ᠭᠠᠷ ᠬᠤᠯᠪᠣᠨ ᠤᠷᠤᠭᠰᠢᠯᠠᠬᠤ︾ ᠭᠤᠣᠯ ᠰᠡᠳᠦᠪᠲᠦ

ᠬᠥᠮᠦᠵᠢᠯ ᠤᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠪᠦᠭᠦ ᠬᠤᠰᠢᠭᠤᠨ ᠤ ᠨᠢᠭᠡᠳᠦᠮᠡᠯ ᠹᠷᠣᠨᠲ ᠤᠨ

ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠪᠤᠢ ᠪᠣᠯᠭᠠᠵᠤ᠂ ᠮᠠᠨ ᠤ ᠬᠤᠰᠢᠭᠤᠨ ᠤ ᠥᠨᠳᠥᠷ ᠬᠢᠷᠢ

ᠲᠦᠪᠰᠢᠨ ᠪᠦᠭᠦᠢ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠨᠡᠩ ᠶᠡᠭᠡ ᠰᠢᠨ᠎ᠡ ᠬᠤᠪᠢ

ᠨᠡᠮᠡᠷᠢ ᠦᠵᠡᠭᠦᠯᠬᠦ ᠶᠢᠨ ᠲᠥᠯᠥᠭᠡ ᠶᠤᠮ᠃ ᠨᠢᠭᠡᠳᠦᠮᠡᠯ ᠹᠷᠣᠨᠲ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ

ᠬᠥᠮᠦᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠥᠷᠥ ᠶᠢᠨ ᠳᠠᠪᠠᠭᠤᠯᠢᠭ

ᠪᠠ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠮᠥᠨ᠂ ᠬᠤᠪᠢᠰᠬᠠᠯ᠂ ᠪᠦᠲᠦᠭᠡᠨ ᠪᠠᠶᠢᠭᠤᠯᠤᠯᠲᠠ᠂

ᠥᠭᠡᠷᠡᠴᠢᠯᠡᠯᠲᠡ ᠶᠢᠨ ᠦᠢᠯᠡᠰ ᠤᠨ ᠢᠯᠠᠯᠲᠠ ᠶᠢ ᠲᠡᠮᠡᠴᠡᠨ ᠤᠯᠬᠤ ᠴᠢᠬᠤᠯᠠ ᠡᠷᠳᠡᠨᠢ ᠮᠥᠨ᠂ ᠨᠠᠮ ᠤᠨ

ᠠᠩᠭᠢ ᠶᠢᠨ ᠰᠠᠭᠤᠷᠢ ᠶᠢ ᠴᠢᠩᠭᠠᠳᠬᠠᠬᠤ᠂ ᠨᠠᠮ ᠤᠨ ᠣᠯᠠᠨ ᠲᠦᠮᠡᠨ ᠤ ᠰᠠᠭᠤᠷᠢ ᠶᠢ ᠥᠷᠭᠡᠳᠬᠡᠬᠦ᠂ ᠨᠠᠮ ᠤᠨ

ᠲᠥᠷᠥ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ ᠴᠢᠬᠤᠯᠠ ᠡᠷᠳᠡᠨᠢ ᠮᠥᠨ᠂ ᠴᠢᠨᠡᠭᠡᠯᠢᠭ ᠨᠡᠶᠢᠭᠡᠮ ᠢ ᠪᠦᠬᠦ

ᠲᠠᠯ᠎ᠠ ᠪᠠᠷ ᠪᠠᠶᠢᠭᠤᠯᠤᠨ ᠪᠦᠲᠦᠭᠡᠬᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠬᠤ᠂

ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠬᠦᠰᠡᠯ ᠢ

ᠪᠡᠶᠡᠯᠡᠭᠦᠯᠬᠦ ᠶᠢᠨ ᠴᠢᠬᠤᠯᠠ ᠡᠷᠳᠡᠨᠢ ᠮᠥᠨ᠃ ᠰᠦᠢᠶᠤᠸᠠᠨ ᠤ ᠳᠤᠮᠳᠠ ᠬᠡᠰᠡᠭ ᠤᠨ ᠶᠠᠫᠣᠨ ᠢ ᠡᠰᠡᠷᠭᠦᠴᠡᠬᠦ ᠲᠠᠶᠢᠨ ᠤ

ᠳᠤᠷᠠᠰᠬᠠᠯ ᠤᠨ ᠣᠷᠳᠣᠨ ᠢ ᠠᠰᠢᠭᠯᠠᠵᠤ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂

ᠲᠡᠦᠬᠡ ᠪᠠᠨ ᠡᠷᠭᠢᠴᠡᠭᠦᠯᠵᠦ᠂ ᠲᠡᠳᠡᠨ ᠤ ᠡᠷᠬᠢᠮ ᠳᠡᠭᠡᠳᠦ ᠢᠲᠡᠭᠡᠯ ᠪᠢᠰᠢᠷᠡᠯ ᠢᠶᠠᠷ ᠵᠢᠯᠤᠭᠤᠳᠤᠯᠭ᠎ᠠ ᠪᠣᠯᠭᠠᠵᠤ᠂ ᠵᠠᠮ

ᠨᠡᠭᠡᠭᠡᠨ ᠤᠷᠤᠭᠰᠢᠯᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ

ᠠᠭᠤᠤ ᠶᠡᠭᠡ ᠰᠡᠷᠭᠦᠨ ᠮᠠᠨᠳᠤᠯᠲᠠ ᠶᠢᠨ ᠲᠥᠯᠥᠭᠡ ᠲᠡᠮᠡᠴᠡᠵᠦ᠂ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ

ᠬᠠᠭᠤᠳᠠᠰᠤ ᠶᠢ ᠲᠠᠬᠢᠨ ᠡᠭᠦᠳᠬᠦ ᠶᠢ ᠬᠠᠮᠲᠤᠪᠠᠷ ᠠᠬᠢᠭᠤᠯᠤᠶ᠎ᠠ︕

     ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠭᠤᠯᠤᠯᠭ᠎ᠠ ᠶᠢᠨ ᠨᠠᠮ ᠤᠨ

ᠡᠭᠦᠷ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠡᠭᠦᠷ᠂ ᠬᠤᠰᠢᠭᠤᠨ ᠤ

ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠡᠭᠦᠷ ᠤᠨ ᠪᠥᠬᠦ ᠨᠠᠮ ᠤᠨ ᠭᠡᠰᠢᠭᠦᠨ ᠺᠠᠳ᠋ᠷ ᠵᠢᠴᠢ

ᠬᠤᠰᠢᠭᠤᠨ ᠤ ᠨᠠᠮ ᠪᠦᠯᠦᠭ ᠤᠨ ᠪᠤᠰᠤ᠂ ᠴᠥᠭᠡᠨ ᠲᠣᠭᠠᠲᠤ ᠦᠨᠳᠦᠰᠦᠲᠡᠨ᠂ ᠠᠷᠠᠳ ᠤᠨ ᠡᠵᠡᠩᠨᠡᠭᠰᠡᠨ ᠠᠵᠤ

ᠠᠬᠤᠶ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠲᠥᠯᠥᠭᠡᠯᠡᠭᠴᠢ ᠬᠥᠮᠦᠰ ᠠᠵᠢᠯᠯᠠᠭ᠎ᠠ ᠳᠤ ᠣᠷᠣᠯᠴᠠᠵᠠᠶ᠃

         ᠰᠣᠷᠪᠣᠯᠵᠢᠯᠬᠠᠴᠢ᠄  ᠵᠠᠩ ᠹᠸᠢ ᠢᠣᠢ

         ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ

        ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号