ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠄ ︽ᠬᠤᠶᠠᠷ ᠺᠣᠳ᠋ ᠨᠢᠭᠡ ᠦᠨᠡᠮᠯᠡᠯ︾ ᠢ ᠴᠢᠩᠭ᠎ᠠ ᠨᠠᠶᠢᠳᠠᠪᠤᠷᠢᠵᠢᠭᠤᠯᠵᠤ ᠬᠢᠵᠢᠭ ᠢ ᠰᠡᠷᠭᠡᠶᠢᠯᠡᠬᠦ ᠬᠠᠯᠬᠠᠪᠴᠢ ᠶᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2021/9/2
    ᠣᠶᠢᠷ᠎ᠠ ᠶᠢᠨ ᠡᠳᠦᠷ ᠤᠳ ᠲᠤ᠂ ᠮᠠᠨ ᠤ ᠬᠤᠰᠢᠭᠤ ︽ᠬᠡᠨ ᠭᠤᠤᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠡᠯ᠎ᠡ ᠲᠥᠷᠥᠯ ᠤᠨ ᠭᠤᠤᠯᠳᠠᠯᠭ᠎ᠠ ᠲᠠᠢ ᠲᠠᠯᠠᠪᠤᠷ ᠭᠠᠵᠠᠷ᠂ ᠣᠯᠠᠨ ᠨᠡᠶᠢᠲᠡ ᠶᠢᠨ ᠲᠠᠯᠠᠪᠤᠷ ᠲᠤ ︽ᠬᠤᠶᠠᠷ ᠺᠣᠳ᠋ ᠨᠢᠭᠡ ᠦᠨᠡᠮᠯᠡᠯ︾ ᠢ ᠬᠡᠷᠡᠭᠵᠢᠭᠦᠯᠬᠦ ᠠᠵᠢᠯ ᠢ ᠬᠤᠯᠪᠣᠭᠠᠯᠠᠨ ᠪᠠᠶᠢᠴᠠᠭᠠᠵᠤ᠂ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠴᠢᠩᠭᠠᠳᠬᠠᠵᠤ᠂ ᠬᠢᠵᠢᠭ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃

    ᠮᠠᠨ ᠤ ᠬᠤᠰᠢᠭᠤᠨ ᠤ ᠮᠠᠰᠢᠨ ᠲᠡᠷᠭᠡᠨ ᠤ ᠥᠷᠲᠡᠭᠡᠨ ᠤ ᠣᠷᠣᠵᠤ ᠭᠠᠷᠬᠤ ᠡᠭᠦᠳᠡᠨ ᠳᠤ ᠴᠥᠮ

ᠠᠶᠠᠨᠴᠢᠳ ᠤᠨ ︽ᠬᠤᠶᠠᠷ ᠺᠣᠳ᠋ ᠨᠢᠭᠡ ᠦᠨᠡᠮᠯᠡᠯ︾ ᠢ ᠪᠠᠶᠢᠴᠠᠭᠠᠨ ᠦᠵᠡᠬᠦ ᠶᠢ ᠬᠠᠷᠢᠭᠤᠴᠠᠬᠤ ᠶᠢᠨ ᠬᠠᠮᠲᠤ

ᠪᠡᠶ᠎ᠡ ᠶᠢᠨ ᠳᠤᠯᠠᠭᠠᠨ ᠢ ᠨᠢ ᠬᠡᠮᠵᠢᠵᠦ᠂ ᠠᠶᠠᠨᠴᠢᠳ ᠤᠨ ᠠᠮᠤᠷ ᠲᠦᠪᠰᠢᠨ ᠢ ᠪᠠᠲᠤᠯᠠᠨ᠎ᠠ᠃

    ᠬᠤᠲᠠ ᠶᠢᠨ ᠠᠷᠠᠳ ᠤᠨ《 ᠬᠤᠶᠠᠷ ᠺᠣᠳ᠋ ᠨᠢᠭᠡ ᠦᠨᠡᠮᠯᠡᠯ》 ᠢ ᠭᠠᠷᠭᠠᠨ ᠦᠵᠡᠭᠦᠯᠬᠦ ᠳᠤ ᠲᠥᠬᠦᠮ

ᠦᠵᠡᠭᠦᠯᠬᠦ ᠶᠢᠨ ᠲᠥᠯᠥᠭᠡ᠂ ᠮᠠᠨ ᠤ  ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ  ᠲᠤᠰᠬᠠᠶ

ᠬᠥᠮᠦᠨ ᠳᠣᠭᠢᠷᠠᠭᠤᠯᠵᠤ᠂ ᠰᠠᠭᠤᠭᠠᠯᠢ ᠠᠷᠠᠳ ᠢ ᠬᠠᠪᠰᠤᠷᠤᠨ ︽ ᠮᠦᠩᠭᠡ ᠰᠤᠪᠠᠭ  ︾ APP ᠢ  ᠤᠭᠰᠠᠷᠠᠨ

ᠪᠠᠭᠤᠯᠭᠠᠵᠦ ᠳᠡᠩᠰᠡᠯᠡᠨ  ᠭᠡᠷᠡᠭᠯᠡᠭᠦᠯᠪᠡ᠃

    ︽ᠮᠦᠩᠭᠡ ᠰᠤᠪᠠᠭ︾  APP ᠪᠣᠯ ᠪᠥᠬᠦ ᠣᠷᠣᠨ ᠤ ᠨᠢᠭᠡ ᠴᠤᠭᠴᠠᠵᠢᠭᠰᠠᠨ ᠰᠦᠯᠵᠢᠶᠡᠨ ᠳᠡᠭᠡᠷᠡᠬᠢ

ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠢᠯᠵᠢᠮᠡᠯ ᠦᠵᠦᠭᠦᠷ  ᠪᠠᠶᠢᠵᠦ᠂  ᠮᠦᠨᠴᠦ ᠡᠷᠡᠭᠦᠯ

ᠮᠡᠨᠳᠦ ᠶᠢᠨ ᠺᠣᠳ᠋᠂ ᠠᠶᠠᠯᠠᠯ ᠤᠨ ᠺᠣᠳ᠋ ᠪᠠ ᠸᠠᠺᠼᠢᠨ ᠤ ᠲᠠᠷᠢᠯᠭ᠎ᠠ ᠶᠢᠨ ᠦᠨᠡᠮᠯᠡᠯ ᠢ ᠬᠠᠮᠲᠤ ᠳᠤᠨᠢ ᠪᠠᠶᠢᠴᠠᠭᠠᠨ

ᠰᠢᠯᠭᠠᠵᠤ ᠪᠣᠯᠤᠨ᠎ᠠ᠂ ᠣᠶᠢᠷ᠎ᠠ ᠶᠢᠨ ᠡᠳᠦᠷ ᠤᠳ ᠲᠤ᠂ ᠮᠠᠨ ᠤ ᠬᠤᠰᠢᠭᠤᠨ ᠤ ᠬᠢᠨ ᠲᠠᠷᠢᠶᠠᠯᠠᠩ ᠤᠨ ᠠᠷᠠᠯᠵᠢᠶᠠᠨ ᠤ

ᠵᠠᠬ᠎ᠠ ᠳᠡᠯᠭᠡᠭᠦᠷ᠂ ᠡᠮ ᠤᠨ ᠳᠡᠯᠭᠡᠭᠦᠷ ᠵᠡᠷᠭᠡ ᠬᠥᠮᠦᠨ ᠣᠯᠠᠨ ᠴᠤᠭᠯᠠᠷᠠᠳᠠᠭ ᠭᠠᠵᠠᠷ ᠲᠤ ︽ᠮᠦᠩᠭᠡ ᠰᠤᠪᠠᠭ︾ ᠤᠨ

ᠬᠤᠶᠠᠷ ᠬᠡᠮᠵᠢᠯᠳᠦ ᠺᠣᠳ᠋ ᠨᠠᠭᠠᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ︽ ᠮᠦᠩᠭᠡ

ᠰᠤᠪᠠᠭ︾ ᠤᠨ APP ᠶᠢ ᠰᠠᠨᠠᠭᠠᠴᠢᠯᠠᠭ᠎ᠠ ᠠᠴᠠ ᠪᠠᠨ ᠪᠠᠭᠤᠯᠭᠠᠵᠤ ︽ᠬᠤᠶᠠᠷ ᠺᠣᠳ᠋ ᠨᠢᠭᠡ ᠦᠨᠡᠮᠯᠡᠯ︾ ᠢ

ᠭᠠᠷᠭᠠᠨ ᠦᠵᠡᠭᠦᠯᠵᠦ᠂ ᠨᠢᠭᠡᠯᠡ ᠭᠠᠷ ᠤᠳᠠᠰᠤ ᠪᠠᠷ ᠪᠦᠭᠦᠨ ᠢ ᠬᠠᠮᠤᠷᠴᠦ  ᠂ ᠬᠤᠯᠪᠣᠭᠠᠯᠠᠨ ᠪᠠᠶᠢᠴᠠᠭᠠᠬᠤ ᠦᠷ᠎ᠡ

ᠪᠦᠲᠦᠮᠵᠢ ᠶᠢ ᠳᠡᠭᠡᠭᠰᠢᠯᠡᠭᠦᠯᠪᠡ᠃

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号