ᠴᠠᠬᠠᠷ ᠪᠠᠷᠠᠭᠤᠨ ᠭᠠᠷᠤᠨ ᠲᠤᠮᠳᠠᠳᠦ ᠬᠤᠰᠢᠭᠤᠨ ᠤ ᠵᠢᠵᠢᠭ ᠨᠠᠩᠭᠤᠸᠠ ᠡᠯᠪᠡᠭ ᠬᠤᠷᠢᠶᠠᠯᠳᠡ ᠣᠯᠪᠠ
ᠨᠡᠶᠢᠲᠡᠯᠡᠭᠰᠡᠨ ᠴᠠᠭ᠄
2021/9/2
                                  ᠦᠢᠷ᠎ᠠ ᠶᠢᠨ ᠡᠳᠦᠷ᠂ ᠮᠠᠨ ᠤ ᠬᠤᠰᠢᠭᠤᠨ ᠤ ᠵᠢᠵᠢᠭ ᠨᠠᠩᠭᠤᠸᠠ ᠡᠯᠪᠡᠭ ᠬᠤᠷᠢᠶᠠᠯᠳᠠ ᠤᠯᠵᠤ᠂ ᠲᠡᠷᠢᠶᠠᠨ ᠭᠠᠵᠠᠷ ᠲᠤ ᠡᠯᠪᠡᠭ ᠬᠤᠷᠢᠶᠠᠯᠳᠠ ᠶᠢᠨ ᠪᠠᠶᠠᠰᠣᠯ ᠴᠠᠯᠬᠢᠵᠤ᠂ ᠬᠦᠮᠦᠰ ᠤᠨ ᠶᠠᠭᠠᠷᠠᠯᠲᠠᠢ ᠲᠦᠷᠢ ᠬᠠᠷᠠᠭᠳᠠᠨ᠎ᠠ᠃

    ᠮᠠᠨ ᠤ ᠬᠤᠰᠢᠭᠤᠨ ᠤ ᠸᠠᠨ ᠷᠦᠨ ᠲᠠᠷᠢᠮᠠᠯ ᠤᠨ ᠲᠤᠰᠬᠠᠢ ᠬᠤᠷᠰᠢᠶᠠᠵᠢᠯ ᠤᠨ ᠵᠢᠵᠢᠭ ᠨᠠᠩᠭᠤᠸᠠ ᠤᠨ

ᠲᠠᠷᠢᠮᠠᠯ ᠤᠨ ᠭᠠᠵᠠᠷ ᠤᠨ  ᠨᠠᠩᠭᠤᠸᠠ ᠶᠢᠨ ᠤᠷᠭᠤᠯᠳᠠ ᠰᠠᠶᠢᠨ ᠪᠠᠶᠢᠵᠤ᠂  ᠨᠤᠭᠤᠭᠠᠨ ᠨᠤᠭᠤᠭᠠᠨ ᠵᠢᠵᠢᠭ ᠭᠤᠸᠠ

ᠨᠠᠬᠢᠶ᠎ᠠ ᠲᠦᠭᠦᠷᠡᠩ ᠤᠷᠭᠤᠵᠤ᠂  ᠲᠠᠷᠢᠶᠠᠨ ᠭᠠᠵᠠᠷ ᠲᠤ ᠲᠡᠭᠦᠵᠤ᠂  ᠰᠢᠯᠢᠵᠤ᠂ ᠤᠭᠤᠳᠠᠯᠠᠨ᠂ ᠲᠡᠭᠡᠭᠡᠪᠦᠷᠢᠯᠡᠵᠤ

ᠵᠠᠬ᠎ᠠ ᠲᠡᠯᠭᠡᠭᠦᠷ ᠲᠤ ᠭᠠᠷᠭᠠᠬᠤ ᠠᠵᠢᠯ ᠢ  ᠪᠡᠯᠡᠳᠬᠡᠨ ᠶᠠᠭᠠᠷᠠᠯᠳᠣᠨ᠎ᠠ᠃

    ᠮᠠᠨ ᠤ ᠬᠤᠰᠢᠭᠤᠨ ᠤ ᠴᠠᠭ ᠠᠭᠠᠷ ᠬᠦᠢᠳᠡᠨ ᠰᠡᠷᠢᠭᠦᠨ ᠪᠠᠶᠢᠵᠤ᠂ ᠲᠤᠯᠠᠭᠠᠨ ᠤ ᠵᠦᠷᠢᠶ᠎ᠡ ᠶᠡᠭᠡ ᠵᠡᠷᠭᠡ

ᠪᠠᠶᠢᠭᠠᠯᠢ ᠶᠢᠨ ᠨᠦᠬᠦᠴᠡᠯ ᠳᠤ ᠲᠠᠷᠢᠵᠤ ᠭᠠᠷᠭᠠᠭᠰᠠᠨ ᠵᠢᠵᠢᠭ ᠨᠠᠩᠭᠤᠸᠠ ᠨᠢ ᠵᠦᠭᠡᠯᠡᠨ ᠠᠮᠳᠠᠳᠠᠢ ᠪᠠᠶᠢᠵᠤ᠂ ᠪᠦᠬᠦ

ᠣᠯᠣᠰ ᠤᠨ ᠤᠯᠠᠨ ᠠᠷᠪᠢᠨ ᠠᠷᠢᠯᠵᠢᠶᠠᠴᠢᠳ ᠤᠨ  ᠬᠦᠷᠢᠶᠡᠯᠡᠯ ᠢ ᠣᠯᠣᠭᠰᠠᠨ ᠪᠠᠶᠢᠨ᠎ᠠ᠃

     ᠦᠢᠷ᠎ᠠ ᠶᠢᠨ ᠵᠢᠯ ᠳᠤ᠂ ᠮᠠᠨ ᠤ ᠬᠤᠰᠢᠭᠤᠨ ᠤ ᠭᠠᠵᠠᠷ ᠣᠷᠣᠨ ᠤ ᠤᠨᠴᠠᠯᠢᠭ ᠲᠤ ᠨᠢ ᠲᠤᠬᠢᠷᠠᠭᠤᠯᠤᠨ

ᠲᠠᠷᠢᠵᠤ ᠪᠤᠯᠪᠠᠰᠣᠷᠠᠭᠤᠯᠬᠤ᠂ ᠰᠢᠮ᠎ᠡ ᠲᠡᠵᠢᠭᠡᠯ ᠰᠠᠶᠢᠨ᠂ ᠦᠷᠳᠡᠭ ᠦᠨᠳᠦᠷ᠂ ᠪᠤᠷᠤᠯᠠᠭᠤᠯᠠᠭ᠎ᠠ ᠶᠢᠨ ᠵᠠᠮ ᠦᠷᠭᠡᠨ

ᠲᠠᠷᠢᠶᠠᠯᠠᠩ ᠤᠨ ᠪᠦᠳᠦᠭᠡᠭᠳᠡᠭᠦᠨ  ᠪᠤᠯᠬᠤ ᠵᠢᠵᠢᠭ ᠨᠠᠩᠭᠤᠸᠠ ᠨᠢ ᠮᠠᠯᠴᠢᠨ ᠲᠠᠷᠢᠶᠠᠴᠢᠳ ᠢ ᠲᠠᠶᠢᠴᠢᠯᠠᠨ ᠤᠷᠤᠯᠭ᠎ᠠ

 ᠶᠢ ᠨᠢ ᠨᠡᠮᠡᠭᠳᠡᠭᠦᠯᠵᠡᠢ᠃

      ᠮᠠᠨ ᠤ ᠬᠤᠰᠢᠭᠤ ᠲᠠᠷᠢᠶᠠᠯᠠᠩ ᠤᠨ ᠠᠵᠤ ᠦᠢᠯᠡᠰ ᠳᠤ ᠲᠤᠬᠢᠷᠠᠭᠤᠯᠤᠯᠳᠠ ᠬᠢᠵᠤ᠂ ᠣᠰᠦ ᠪᠤᠷᠳᠣᠭᠤᠷ ᠢ

ᠨᠢᠭᠡ ᠴᠤᠭᠴᠠᠵᠢᠭᠤᠯᠤᠭᠰᠠᠨ ᠲᠦᠭᠦᠭᠡᠷᠦᠮᠵᠢ ᠪᠠᠷ ᠠᠵᠤ ᠠᠬᠤᠢ ᠶᠢᠨ ᠠᠰᠢᠭ ᠢ  ᠨᠡᠮᠡᠭᠳᠡᠬᠦᠯᠬᠦ ᠶᠢ ᠪᠦᠬᠦ ᠬᠦᠴᠦᠨ

 ᠪᠠᠷ ᠢᠶᠠᠨ ᠲᠦᠯᠬᠢᠨ ᠠᠬᠢᠭᠤᠯᠵᠠᠢ᠃ ᠡᠨᠡ ᠵᠢᠯ᠂ ᠵᠢᠵᠢᠭ ᠨᠠᠩᠭᠤᠸᠠ ᠨᠢ ᠮᠥ ᠪᠦᠷᠢ ᠳᠤ ᠪᠠᠨ 2500 ᠵᠢᠩ

ᠤᠷᠴᠢᠮ ᠪᠠᠭᠤᠵᠤ᠂ ᠤᠳᠤᠬᠠᠨ ᠪᠤᠯᠬᠤ ᠳᠤ᠂ ᠵᠢᠵᠢᠭ ᠨᠠᠭᠭᠤᠸᠠ ᠨᠢ ᠮᠠᠨ ᠤ ᠬᠤᠰᠢᠭᠤᠨ ᠤ ᠪᠠᠶᠠᠨ ᠰᠢᠶᠠᠩ ᠤᠨ

ᠠᠷᠠᠳ ᠢ ᠪᠠᠶᠠᠵᠢᠭᠤᠯᠵᠤ ᠲᠤᠰᠬᠤᠨ ᠢ ᠬᠦᠴᠦᠷᠭᠡᠭᠵᠢᠬᠦᠯᠬᠦ ᠭᠤᠤᠯ ᠬᠦᠴᠦᠨ ᠪᠤᠯᠵᠠᠢ᠃

   

 
ᠢᠷᠡᠯᠲᠡ᠄ ᠴᠠᠬᠠᠷ ᠪᠠᠷᠠᠭᠤᠨ ᠭᠠᠷᠤᠨ ᠲᠤᠮᠳᠠᠳᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号