ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠨᠡᠯᠭᠡ ᠶᠢᠨ ᠬᠤᠷᠢᠶ᠎ᠠ ᠨᠢᠭᠡᠨᠲᠡ ᠰᠦᠯᠵᠢᠶᠡᠨ ᠳᠡᠭᠡᠷ᠎ᠡ ᠤᠷᠢᠳᠴᠢᠯᠠᠨ ᠳ᠋ᠤᠭᠠᠷᠯᠠᠬᠤ᠂  ᠰᠦᠢᠳᠭᠡᠯ ᠲᠤᠰᠢᠶᠠᠬᠤ ᠵᠢᠴᠢ ᠮᠡᠳᠡᠭᠦᠯᠦᠯᠲᠡ ᠶᠢ ᠪᠠᠶᠢᠴᠠᠭᠠᠨ ᠯᠠᠪᠯᠠᠬᠤ ᠦᠢᠯᠡᠴᠢᠯᠡᠭᠡ ᠶᠢ ᠵᠢᠩᠬᠢᠨᠢ ᠪᠠᠷ ᠨᠡᠪᠲᠡᠷᠡᠭᠦᠯᠪᠡ
ᠨᠡᠶᠢᠲᠡᠯᠡᠭᠰᠡᠨ ᠴᠠᠭ᠄
2021/9/2
                ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠥᠷᠭᠡᠨ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠨᠠᠩ ᠰᠠᠶᠢᠨ ᠬᠠᠩᠭᠠᠵᠤ᠂ ᠮᠥᠷᠯᠡᠨ ᠬᠦᠯᠢᠶᠡᠬᠦ ᠴᠠᠭ ᠢ ᠠᠷᠪᠢᠯᠠᠵᠤ᠂ ᠣᠯᠠᠨ ᠬᠥᠮᠦᠨ ᠤ ᠴᠤᠭᠯᠠᠷᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠥᠯᠥᠭᠡ᠂ ᠮᠠᠨ ᠤ ᠬᠤᠷᠢᠶ᠎ᠠ ᠨᠢᠭᠡᠨᠲᠡ ᠰᠦᠯᠵᠢᠶᠡᠨ ᠳᠡᠭᠡᠷ᠎ᠡ ᠤᠷᠢᠳᠴᠢᠯᠠᠨ ᠳ᠋ᠤᠭᠠᠷᠯᠠᠬᠤ᠂ ᠰᠦᠢᠳᠭᠡᠯ ᠲᠤᠰᠢᠶᠠᠬᠤ ᠵᠢᠴᠢ ᠮᠡᠳᠡᠭᠦᠯᠦᠯᠲᠡ ᠶᠢ ᠪᠠᠶᠢᠴᠠᠭᠠᠨ ᠯᠠᠪᠯᠠᠬᠤ ᠦᠢᠯᠡᠴᠢᠯᠡᠭᠡ ᠶᠢ ᠵᠢᠩᠬᠢᠨᠢ ᠪᠠᠷ ᠨᠡᠪᠲᠡᠷᠡᠭᠦᠯᠵᠦ᠂ ᠡᠪᠡᠳᠴᠢᠨ ᠦᠵᠡᠭᠦᠯᠬᠦ ᠪᠠ ᠡᠮᠨᠡᠯᠭᠡ ᠳᠤ ᠰᠠᠭᠤᠬᠤ ᠡᠪᠡᠳᠴᠢᠲᠡᠨ ᠳᠤ ᠲᠦᠢᠯ ᠤᠨ ᠶᠡᠭᠡ ᠲᠥᠬᠦᠮ ᠦᠵᠡᠭᠦᠯᠪᠡ᠃      ᠣᠶᠢᠷ᠎ᠠ ᠳᠤ᠂ ᠰᠤᠷᠭᠠᠭᠤᠯᠢ ᠡᠬᠢᠯᠡᠵᠦ᠂ ᠰᠢᠨ᠎ᠡ ᠲᠢᠳᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠬᠥᠮᠦᠰ ᠤᠨ ᠴᠤᠭᠯᠠᠷᠠᠯ ᠢ ᠨᠠᠮᠳᠠᠭᠤᠯᠬᠤ ᠶᠢᠨ ᠲᠥᠯᠥᠭᠡ᠂ ᠮᠠᠨ ᠤ ᠬᠤᠷᠢᠶ᠎ᠠ ᠬᠠᠯᠠᠭᠤᠷᠠᠯ ᠤᠨ ᠡᠭᠦᠳᠡᠨ ᠡᠮᠨᠡᠯᠭᠡ ᠶᠢᠨ ᠤᠷᠢᠳᠴᠢᠯᠠᠨ ᠳ᠋ᠤᠭᠠᠷᠯᠠᠬᠤ᠂  ᠰᠦᠢᠳᠭᠡᠯ ᠲᠤᠰᠢᠶᠠᠬᠤ ᠵᠢᠴᠢ ᠮᠡᠳᠡᠭᠦᠯᠦᠯᠲᠡ ᠶᠢ ᠪᠠᠶᠢᠴᠠᠭᠠᠨ ᠯᠠᠪᠯᠠᠬᠤ ᠪᠠᠷ ᠵᠢᠱᠢᠶ᠎ᠡ ᠪᠣᠯᠭᠠᠵᠤ᠂ ᠳᠣᠤᠷᠠᠬᠢ ᠰᠦᠯᠵᠢᠶᠡᠨ ᠳᠡᠭᠡᠷᠡᠬᠢ ᠠᠵᠢᠯᠯᠠᠭᠠᠨ ᠤ ᠶᠠᠪᠤᠴᠠ ᠶᠢ ᠡᠮᠬᠢᠯᠡᠨ ᠳᠢᠭᠯᠡᠵᠦ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠬᠥᠮᠦᠰ ᠵᠥᠪᠬᠡᠨ ᠮᠠᠨ ᠤ ᠬᠤᠷᠢᠶᠠᠨ ᠤ ᠸᠢᠴᠠᠲ ᠤᠨ ᠨᠡᠶᠢᠲᠡ ᠶᠢᠨ ᠳ᠋ᠤᠭᠠᠷ ᠤᠨ ᠵᠢᠯᠣᠭᠤᠳᠣᠯᠭ᠎ᠠ ᠶᠣᠰᠣᠭᠠᠷ ᠠᠵᠢᠯᠯᠠᠪᠠᠯ ᠳᠠᠷᠤᠶ ᠤᠷᠢᠳᠴᠢᠯᠠᠨ ᠳ᠋ᠤᠭᠠᠷᠯᠠᠵᠤ ᠪᠣᠯᠤᠨ᠎ᠠ᠂ ᠤᠷᠢᠳᠴᠢᠯᠠᠨ ᠪᠣᠯᠵᠣᠭᠰᠠᠨ ᠲᠤᠬᠠᠶ ᠶᠢᠨ ᠡᠳᠦᠷ ᠲᠤ ᠰᠢᠭᠤᠳ ᠥᠯᠢᠭᠡᠷ ᠠᠪᠬᠤ ᠴᠡᠭ ᠲᠤ ᠬᠦᠷᠴᠦ ᠡᠮᠬᠢ ᠵᠢᠷᠤᠮ ᠲᠠᠢ ᠪᠠᠶᠢᠴᠠᠭᠠᠨ ᠰᠢᠯᠭᠠᠵᠤ ᠪᠣᠯᠤᠨ᠎ᠠ᠂ ᠳᠠᠭᠢᠵᠤ ᠲᠤᠬᠠᠶ ᠶᠢᠨ ᠲᠠᠯᠠᠪᠤᠷ ᠲᠤ ᠬᠦᠷᠴᠦ ᠮᠥᠷᠯᠡᠨ ᠳ᠋ᠤᠭᠠᠷᠯᠠᠬᠤ ᠪᠠ  ᠰᠦᠢᠳᠭᠡᠯ ᠲᠤᠰᠢᠶᠠᠬᠤ ᠴᠢᠬᠤᠯᠠ ᠥᠬᠡᠶ᠃      ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠨᠡᠯᠭᠡ ᠶᠢᠨ ᠬᠤᠷᠢᠶᠠᠨ ᠤ ᠣᠯᠡᠨ ᠨᠡᠶᠢᠲᠡ ᠶᠢᠨ ᠸᠢᠴᠠᠲ ᠲᠠᠪᠴᠡᠩ ᠳᠤ ᠠᠩᠬᠠᠷᠣᠯ ᠢᠶᠠᠨ ᠬᠠᠨᠳᠣᠯᠠᠭᠠᠷᠠᠢ︕

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠨᠡᠯᠭᠡ ᠶᠢᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号