ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠪᠡ
ᠨᠡᠶᠢᠲᠡᠯᠡᠭᠰᠡᠨ ᠴᠠᠭ᠄
2021/9/6
           ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠣᠯᠠᠨ ᠲᠦᠮᠡᠨ ᠤ ︽ᠪᠠᠴᠢᠮ ᠪᠡᠷᠬᠡ ᠵᠣᠪᠠᠭ᠋ᠤ ᠬᠦᠰᠡᠵᠦ ᠪᠠᠶᠢᠭ᠎ᠠ︾ ᠠᠰᠠᠭᠤᠳᠠᠯ ᠢ ᠰᠢᠢᠳᠪᠦᠷᠢᠯᠡᠬᠦ ᠪᠠᠷ ᠬᠦᠴᠦᠯᠡᠬᠦ ᠴᠡᠭ ᠪᠣᠯᠭᠠᠵᠤ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾  ᠦᠢᠯᠡᠳᠣᠯᠭᠡ ᠶᠢᠨ ᠠᠵᠢᠯᠯᠠᠭ᠎ᠠ ᠶᠢ ᠶᠡᠭᠡ ᠪᠠᠷ ᠥᠷᠨᠢᠭᠦᠯᠪᠡ᠃      ᠭᠤᠤᠯ ᠰᠡᠳᠦᠪᠲᠦ ᠦᠢᠯᠡᠳᠣᠯᠬᠡ ᠶᠢᠨ ᠠᠵᠢᠯᠯᠠᠭ᠎ᠠ ᠶᠢ ᠥᠷᠨᠢᠭᠦᠯᠬᠦ ᠶᠠᠪᠤᠴᠠ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤᠨ ᠤ ᠨᠡᠶᠢᠭᠡᠮ ᠲᠣᠭᠤᠷᠢᠭ ᠲᠤ ᠢᠳᠡᠪᠬᠢᠲᠡᠶ ᠪᠠᠷ ᠭᠦᠨᠵᠡᠭᠡᠶᠢᠷᠡᠵᠦ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠵᠤ᠂ ᠬᠡᠷᠡᠭᠴᠡᠭᠡ ᠶᠢ ᠠᠷᠠᠳ ᠠᠴᠠ ᠠᠰᠠᠭᠤᠵᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ ︽ᠦᠨᠳᠦᠰᠦᠨ ᠱᠠᠲᠤᠨ ᠳᠤ ᠬᠦᠷᠴᠦ᠂ ᠠᠷᠠᠳ ᠤᠨ ᠪᠠᠶᠢᠳᠠᠯ ᠢ ᠪᠠᠶᠢᠴᠠᠭᠠᠨ᠂ ᠠᠷᠠᠳ ᠤᠨ ᠰᠠᠨᠠᠭ᠎ᠠ ᠶᠢ ᠣᠶᠢᠯᠠᠭᠠᠬᠤ︾ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ ᠨᠡᠶᠢᠭᠡᠮ ᠤᠨ ᠠᠪᠤᠷᠠᠨ ᠲᠤᠰᠠᠯᠠᠯᠲᠠ ᠶᠢᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠪᠠᠷ ᠬᠥᠮᠦᠨ ᠡᠷᠢᠬᠦ᠂ ᠰᠠᠨᠠᠭᠠᠴᠢᠯᠠᠭ᠎ᠠ ᠠᠴᠠ ᠪᠠᠨ ᠠᠪᠤᠷᠠᠨ ᠲᠤᠰᠠᠯᠠᠬᠤ᠂ ᠴᠠᠭ ᠲᠤᠬᠠᠶ ᠳᠤᠨᠢ ᠠᠪᠤᠷᠠᠨ ᠲᠤᠰᠠᠯᠠᠬᠤ ᠶᠢ ᠴᠢᠷᠮᠠᠶᠢᠨ ᠪᠡᠶᠡᠯᠡᠭᠦᠯᠦᠨ᠎ᠡ᠃ ᠣᠶᠢᠷ᠎ᠠ ᠳᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠯᠢ ᠵᠢᠶᠦ᠋ᠨ ᠯᠠᠶ᠂ ᠳᠡᠳ᠋ ᠲᠣᠪᠴᠢᠶᠠᠨ ᠳᠠᠷᠤᠭ᠎ᠠ ᠠᠨ ᠵᠢᠶ ᠯᠦᠩ ᠬᠦᠭᠡᠪᠦᠷ ᠪᠠᠯᠭᠠᠰᠤᠨ ᠤ ᠳ᠋ᠦᠩ ᠹᠠᠩ ᠾᠦᠩ ᠲᠣᠰᠬᠤᠨ ᠳᠤ ᠬᠦᠷᠴᠦ ᠰᠤᠷᠪᠤᠯᠵᠢᠯᠠᠬᠤ ᠳᠠᠭᠠᠨ ᠯᠢᠦ ᡁᠢ ᠮᠢᠨ ᠵᠡᠷᠭᠡ 9 ᠡᠷᠦᠬᠡ ᠭᠠᠴᠠᠭᠠᠨ ᠤ ᠠᠷᠠᠳ ᠤᠨ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠪᠣᠯᠤᠭᠰᠠᠨ ᠢ ᠣᠶᠢᠯᠠᠭᠠᠵᠤ ᠮᠡᠳᠡᠭᠡᠳ ᠴᠠᠭ ᠲᠤᠬᠠᠶ ᠳᠤᠨᠢ ᠬᠥᠮᠦᠰ ᠢ ᠵᠣᠬᠢᠶᠠᠨ ᠪᠠᠶᠢᠭᠤᠯᠵᠤ ᠪᠠᠶᠢᠴᠠᠭᠠᠨ ᠬᠠᠷᠭᠤᠭᠤᠯᠬᠤ ᠶᠢᠨ ᠬᠠᠮᠲᠤ ᠲᠤᠬᠠᠶ ᠶᠢᠨ ᠲᠠᠯᠠᠪᠤᠷ ᠲᠤ ᠠᠵᠢᠯᠯᠠᠨ᠂ ᠣᠯᠠᠨ ᠲᠦᠮᠡᠨ ᠤ ᠵᠥᠪᠯᠡᠯᠭᠡᠨ ᠤ ᠬᠤᠷᠠᠯ ᠢ ᠬᠤᠷᠠᠯᠳᠤᠭᠤᠯᠵᠤ᠂ ᠲᠥᠷᠥ ᠶᠢᠨ ᠪᠣᠳᠣᠯᠭ᠎ᠠ ᠳᠤ ᠲᠣᠭᠲᠠᠭᠠᠭᠰᠠᠨ ᠪᠠᠷᠢᠮᠵᠢᠶ᠎ᠠ᠂ ᠵᠢᠷᠤᠮ ᠶᠣᠰᠣᠭᠠᠷ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠣᠯᠤᠨ ᠲᠦᠷ ᠴᠠᠭ ᠤᠨ ᠠᠪᠤᠷᠠᠨ ᠲᠤᠰᠠᠯᠠᠯᠲᠠ ᠣᠯᠭᠤᠵᠠᠶ᠃ ᠤᠯᠠᠨ ᠢᠶᠠᠷ ᠢᠶᠠᠨ᠄ ︽ᠨᠠᠮ ᠪᠠ ᠵᠠᠰᠠᠭ ᠤᠨ ᠣᠷᠳᠣᠨ ᠠᠴᠠ ᠪᠢᠳᠡᠨ ᠳᠤ ᠴᠠᠭ ᠤᠨ ᠬᠤᠷ᠎ᠠ ᠠᠪᠴᠢᠷᠠᠵᠤ ᠥᠭᠭᠦᠭᠰᠡᠨ ᠳᠤ ᠲᠠᠯᠠᠷᠬᠠᠵᠤ ᠪᠠᠶᠢᠨ᠎ᠠ︕︾ ᠭᠡᠵᠦ ᠰᠡᠳᠬᠢᠯ ᠳᠣᠭᠳᠣᠯᠤᠨ ᠬᠡᠯᠡᠪᠡ᠃           ᠵᠣᠬᠢᠶ᠋ᠬᠠᠴᠢ᠄ ᠠᠷᠠᠳ ᠤᠨ ᠶᠠᠪᠤᠳᠠᠯ ᠤᠨ ᠲᠣᠪᠴᠢᠶ᠎ᠠ       ᠣᠷᠴᠢᠭᠤᠯᠣᠨᠨᠴᠢ᠄  ᠭᠧ ᠲᠣᠸᠠᠨ ᠯᠢᠶᠡᠨ  
 
ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号