ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠰᠢᠰᠲ᠋ᠧᠮ ᠨᠠᠮ ᠤᠨ ᠲᠡᠤᠬᠡ ᠶᠢ ᠰᠤᠷᠤᠯᠴᠠᠵᠤ ᠨᠠᠮ ᠤᠨ ᠪᠠᠶᠢᠭᠤᠯᠤᠯᠲᠠ ᠶᠢ ᠠᠬᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2021/9/6
       ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠤᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠠᠵᠢᠯᠯᠠᠭ᠎ᠠ ᠳᠤᠮᠳᠠ᠂ ᠢᠳᠡᠪᠬᠢᠲᠡᠶ ᠪᠠᠷ ᠠᠵᠢᠯ ᠬᠢᠵᠦ᠂ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠦᠴᠦᠲᠡᠶ ᠴᠢᠩᠭᠠᠳᠬᠠᠨ᠂ ᠣᠯᠠᠨ ᠲᠦᠮᠡᠨ ᠳᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠪᠴᠢᠷᠠᠭᠰᠠᠨ ᠠᠷᠠᠳ ᠲᠤ ᠠᠰᠢᠭ ᠬᠦᠷᠲᠡᠭᠡᠬᠦ ᠦᠷ᠎ᠡ ᠪᠦᠲᠦᠭᠡᠯ ᠢ ᠮᠡᠳᠡᠷᠡᠭᠦᠯᠪᠡ᠃      ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠠᠬᠢᠭᠤᠯᠬᠤ ᠳᠤᠮᠳᠠ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︽ᠦᠵᠡᠯ ᠰᠠᠨᠠᠭ᠎ᠠ ᠶᠢ ᠣᠶᠢᠯᠠᠭᠠᠬᠤ︾ ᠦᠨᠳᠦᠰᠦᠨ ᠱᠠᠭᠠᠷᠳᠠᠯᠭ᠎ᠠ ᠶᠢᠨ ᠲᠣᠭᠤᠷᠢᠨ ᠳᠤ᠂ ᠪᠠᠶᠠᠯᠢᠭ ᠰᠠᠶᠢᠬᠠᠨ ᠠᠴᠢᠶᠠᠯᠠᠪᠤᠷᠢ ᠪᠠ ᠬᠡᠯᠪᠡᠷᠢ ᠪᠠᠷ ᠳᠠᠮᠵᠢᠭᠤᠯᠤᠨ᠂ ᠪᠦᠬᠦ ᠨᠠᠮ ᠤᠨ ᠭᠡᠰᠢᠭᠦᠨ ᠪᠣᠯᠤᠨ ᠺᠠᠳ᠋ᠷ ᠠᠵᠢᠯᠲᠠᠨ ᠠᠵᠢᠯᠴᠢᠨ ᠳᠤ ᠨᠠᠮ ᠤᠨ ᠲᠡᠮᠡᠴᠡᠯ ᠤᠨ ᠲᠡᠦᠬᠡᠨ ᠶᠠᠪᠤᠴᠠ ᠠᠴᠠ ᠨᠠᠮ ᠤᠨ ᠬᠤᠪᠢᠰᠬᠠᠯᠲᠤ ᠵᠣᠷᠢᠭ ᠰᠠᠨᠠᠭᠠᠨ ᠤ ᠰᠢᠰᠲ᠋ᠧᠮ ᠢ ᠮᠡᠳᠡᠷᠡᠭᠦᠯᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠴᠢᠷᠮᠠᠶᠢᠨ ᠦᠢᠯᠡᠳᠦᠯᠭᠡᠵᠢᠭᠦᠯᠵᠦ᠂ ᠡᠭᠦᠨ ᠤ ᠤᠯᠠᠮ ᠠᠴᠠ ᠠᠭᠤᠰᠤᠯᠴᠠᠭᠰᠠᠨ ᠨᠠᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ᠂ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠠᠷᠠᠳ ᠤᠨ ᠶᠠᠪᠤᠳᠠᠯ ᠤᠨ ᠦᠢᠯᠡᠴᠢᠯᠡᠭᠡ ᠶᠢ ᠠᠬᠢᠭᠤᠯᠬᠤ ᠪᠠ ᠳᠡᠭᠡᠭᠰᠢᠯᠡᠭᠦᠯᠬᠦ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠵᠤ᠂ ᠬᠦᠴᠦᠨ ᠪᠦᠬᠦᠢ ᠡᠩᠨᠡᠭᠡ ᠶᠢᠨ ᠪᠠᠲᠤᠯᠠᠭ᠎ᠠ ᠶᠢ ᠬᠠᠩᠭᠠᠵᠠᠢ᠃     ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠤᠨ ᠠᠷᠠᠳ ᠤᠨ ᠠᠮᠢᠳᠤᠷᠠᠯ ᠳᠤ ᠠᠰᠢᠭ ︽ᠨᠠᠮ ᠤᠨ ᠲᠡᠤᠬᠡ ᠶᠢ ᠰᠤᠷᠤᠯᠴᠠᠬᠤ᠂ ᠨᠠᠮ ᠤᠨ ᠪᠠᠶᠢᠭᠤᠯᠤᠯᠲᠠ ᠶᠢ ᠠᠬᠢᠭᠤᠯᠬᠤ᠂ ᠪᠠᠲᠤᠯᠠᠭ᠎ᠠ ᠶᠢ ᠴᠢᠩᠭᠠᠳᠬᠠᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠦᠨᠳᠦᠰᠦᠨ ᠰᠡᠳᠬᠢᠴᠡ ᠪᠠᠷ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ︽ᠨᠠᠮ ᠤᠨ ᠪᠠᠶᠢᠭᠤᠯᠤᠯᠲᠠ + ᠠᠷᠠᠳ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠳᠥᠯᠭᠢᠨ ᠠᠬᠢᠭᠤᠯᠬᠤ ᠳᠤᠮᠳᠠᠬᠢ ᠢᠳᠡᠪᠬᠢᠲᠡᠶ ᠦᠢᠯᠡᠳᠣᠯ ᠢ ᠭᠦᠢᠴᠡᠳ ᠪᠠᠳᠠᠷᠠᠭᠤᠯᠪᠠ᠃ ᠨᠠᠮ ᠤᠨ ᠭᠡᠰᠢᠭᠦᠳ ᠤᠨ ᠬᠤᠯᠪᠣᠭᠠᠯᠠᠬᠤ ᠶᠢ ᠳᠠᠭᠠᠭᠠᠴᠢᠯᠠᠬᠤ ᠪᠠ ᠬᠤᠣᠰᠯᠠᠨ ᠬᠠᠪᠰᠤᠷᠴᠤ ᠲᠡᠳᠬᠦᠬᠦ ᠲᠦᠷᠢᠮ ᠢ ᠬᠡᠷᠡᠭᠵᠢᠭᠦᠯᠪᠡ᠃ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠠᠴᠠ ᠬᠤᠪᠢᠴᠠᠭᠠᠨ ᠤ ᠲᠠᠰᠤᠭ ᠤᠨ ᠨᠠᠮ ᠤᠨ ᠭᠡᠰᠢᠭᠦᠨ ᠺᠠᠳ᠋ᠷ ᠬᠦᠷᠲᠡᠯ᠎ᠡ ᠴᠥᠮ ᠲᠣᠰ ᠲᠣᠰ ᠰᠤᠮᠤ ᠰᠢᠶᠠᠩ ᠪᠠᠯᠭᠠᠰᠤ ᠪᠠ ᠬᠤᠲᠠ ᠪᠠᠯᠭᠠᠰᠤᠨ ᠤ ᠨᠡᠶᠢᠭᠡᠮ ᠲᠣᠭᠤᠷᠢᠭ ᠲᠠᠢ ᠬᠤᠯᠪᠣᠭᠠᠯᠠᠨ᠎ᠠ︔ ᠰᠤᠮᠤ ᠰᠢᠶᠠᠩ ᠪᠠᠯᠭᠠᠰᠤ ᠶᠢᠨ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠭᠠᠴᠠᠭ᠎ᠠ ᠲᠣᠰᠬᠤᠨ ᠪᠠ ᠵᠢᠵᠢᠭ ᠲᠣᠭᠤᠷᠢᠭ ᠢ ᠲᠣᠰ ᠲᠣᠰ ᠳᠠᠭᠠᠭᠠᠴᠢᠯᠠᠭᠤᠯᠤᠨ᠎ᠠ︔ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠪᠠᠰᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠡᠯ᠎ᠡ ᠲᠥᠷᠥᠯ ᠤᠨ ᠠᠪᠤᠷᠠᠨ ᠲᠤᠰᠠᠯᠠᠬᠤ ᠡᠲᠡᠭᠡᠳ ᠢ ᠲᠤᠰ ᠲᠤᠰ ᠳᠠᠭᠠᠭᠠᠴᠢᠯᠠᠨ ᠠᠪᠤᠪᠠ᠃ ᠡᠭᠦᠨ ᠤ ᠵᠡᠷᠭᠡ ᠳᠤ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠲᠣᠭᠲᠠᠮᠠᠯ ᠬᠤᠭᠤᠴᠠᠭ᠎ᠠ ᠲᠠᠢ ᠪᠠᠷ ᠳᠠᠭᠠᠭᠠᠴᠢᠯᠠᠨ ᠬᠤᠯᠪᠣᠭᠠᠯᠠᠬᠤ ᠴᠡᠭ ᠲᠤ ᠭᠦᠨᠵᠡᠭᠡᠶᠢᠷᠡᠨ ᠰᠤᠷᠪᠤᠯᠵᠢᠯᠠᠨ ᠪᠠᠶᠢᠴᠠᠭᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠵᠢᠴᠢ ᠨᠡᠶᠢᠭᠡᠮ ᠤᠨ ᠠᠪᠤᠷᠠᠨ ᠲᠤᠰᠠᠯᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠬᠤ ᠶᠢᠨ ᠬᠠᠮᠲᠤ ᠬᠡᠷ ᠡᠷᠦᠬᠡ ᠳᠤ ᠬᠦᠷᠴᠦ ᠬᠠᠪᠰᠤᠷᠤᠨ ᠲᠡᠳᠬᠦᠬᠦ ᠡᠲᠡᠭᠡᠳ ᠤᠨ ᠬᠡᠷ ᠪᠦᠯᠢ ᠶᠢᠨ ᠠᠵᠤ ᠠᠬᠤᠶ ᠶᠢᠨ ᠣᠷᠣᠯᠭ᠎ᠠ ᠵᠠᠷᠤᠯᠭ᠎ᠠ ᠪᠠ ᠠᠮᠢᠳᠤᠷᠠᠯ ᠤᠨ ᠪᠠᠶᠢᠳᠠᠯ ᠢ ᠦᠨᠡᠨ ᠪᠣᠳᠠᠲᠠᠶ ᠪᠠᠷ ᠣᠶᠢᠯᠠᠭᠠᠪᠠ᠃ ᠳᠠᠬᠢᠨ ᠶᠠᠳᠠᠭᠤᠷᠠᠬᠤ ᠲᠦᠭᠰᠢᠭᠦᠷᠢ ᠣᠷᠣᠰᠢᠵᠤ ᠪᠠᠶᠢᠭ᠎ᠠ ᠭᠤᠤᠯᠳᠠᠯᠭ᠎ᠠ ᠲᠠᠢ ᠡᠲᠡᠭᠡᠳ ᠪᠠ ᠵᠠᠬ᠎ᠠ ᠬᠢᠵᠠᠭᠠᠷ ᠤᠨ ᠬᠦᠴᠢᠷᠳᠡᠯᠲᠡᠶ ᠬᠥᠮᠦᠨ ᠠᠮᠠ ᠶᠢ ᠴᠠᠭ ᠲᠤᠬᠠᠶ ᠳᠤᠨᠢ ᠢᠯᠡᠷᠡᠭᠦᠯᠵᠦ᠂ ᠴᠠᠭ ᠲᠤᠬᠠᠶ ᠳᠤᠨᠢ ᠣᠷᠣᠯᠴᠠᠵᠤ᠂ ᠴᠠᠭ ᠲᠤᠬᠠᠶ ᠳᠤᠨᠢ ᠠᠪᠤᠷᠠᠨ ᠲᠤᠰᠠᠯᠠᠬᠤ ᠶᠢ ᠪᠡᠶᠡᠯᠡᠭᠦᠯᠬᠦ ᠬᠡᠷᠡᠭᠲᠡᠶ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠰᠦᠯᠵᠢᠶ᠎ᠡ ᠶᠢ ᠤᠯᠠᠮ ᠨᠢᠭᠡ ᠠᠯᠬᠤᠮ ᠪᠠᠲᠤ ᠪᠠᠬᠢ ᠪᠠᠶᠢᠭᠤᠯᠤᠨ ᠨᠢᠭᠲᠠ ᠪᠠᠶᠢᠭᠤᠯᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠵᠤ᠂ ᠬᠦᠴᠢᠷᠳᠡᠯ ᠳᠤ ᠲᠤᠯᠭᠠᠷᠠᠪᠠᠯ ᠳᠠᠷᠤᠶ ᠲᠡᠳᠬᠦᠵᠦ᠂ ᠨᠢᠭᠡ ᠬᠥᠮᠦᠨ ᠢ ᠴᠦ ᠬᠤᠴᠣᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃      ︽ᠨᠠᠮ ᠤᠨ ᠪᠠᠶᠢᠭᠤᠯᠤᠯᠲᠠ + ᠠᠷᠠᠳ ᠤᠨ ᠶᠠᠪᠤᠳᠠᠯ ᠤᠨ  ᠦᠢᠯᠡᠴᠢᠯᠡᠭᠡ︾ ᠶᠢᠨ ᠵᠠᠭᠪᠤᠷ ᠨᠢ ᠭᠤᠤᠯ ᠰᠡᠳᠦᠪᠲᠦ ᠦᠢᠯᠡᠳᠣᠯᠬᠡ ᠶᠢᠨ ᠠᠵᠢᠯᠯᠠᠭ᠎ᠠ ᠲᠠᠢ ᠭᠦᠨᠵᠡᠭᠡᠶ ᠠᠭᠤᠰᠤᠯᠴᠠᠵᠤ᠂ ᠬᠠᠮᠲᠤ ᠪᠠᠷ ᠵᠣᠬᠢᠴᠠᠯᠳᠤᠨ᠂ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠳᠣᠪᠤᠶᠢᠯᠭᠠᠵᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠦᠢᠯᠡᠴᠢᠯᠡᠭᠡ ᠶᠢ ᠨᠠᠩ ᠢᠯᠡᠭᠦᠤ ᠣᠯᠠᠨ ᠲᠦᠮᠡᠨ ᠤ ᠠᠰᠢᠭ ᠭᠥᠷᠳᠡᠭᠰᠡᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠤᠯᠠᠮ ᠢᠯᠡᠭᠦᠤ ᠳᠡᠭᠡᠭᠰᠢᠯᠡᠭᠦᠯᠦᠭᠰᠡᠨ ᠪᠠᠶᠢᠨ᠎ᠠ᠃                          ᠵᠣᠬᠢᠶᠠᠭᠴᠢ᠄ ᠠᠷᠠᠳ ᠤᠨ ᠶᠠᠪᠤᠳᠠᠯ ᠤᠨ ᠲᠣᠪᠴᠢᠶ᠎ᠠ              ᠣᠷᠴᠢᠭᠤᠯᠤᠨᠨᠴᠢ᠄  ᠭᠧ ᠲᠣᠸᠠᠨ ᠯᠢᠶᠡᠨ            
 
ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号