ᠠᠷᠠᠳ ᠤᠨ ᠲᠥᠯᠥᠭᠡᠯᠡᠭᠴᠢ ᠶᠢᠨ ᠲᠤᠰᠬᠠᠶ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2022/1/9
                                      1 ᠰᠠᠷ᠎ᠠ ᠶᠢᠨ 7 ᠤ ᠦᠳᠡ ᠶᠢᠨ ᠡᠮᠦᠨ᠎ᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠬᠤᠶᠠᠳᠤᠭᠠᠷ ᠪᠥᠬᠦᠳᠡ ᠬᠤᠷᠠᠯ ᠬᠤᠰᠢᠭᠤᠨ ᠤ ᠵᠠᠰᠠᠭ ᠤᠨ ᠶᠠᠪᠤᠳᠠᠯ ᠤᠨ ᠲᠥᠪ ᠤᠨ ᠭᠤᠷᠪᠠᠳᠤᠭᠠᠷ ᠳᠠᠪᠬᠤᠷᠭ᠎ᠠ ᠳᠤ ᠬᠤᠷᠠᠯᠳᠤᠪᠠ᠃ ᠬᠤᠷᠠᠯ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ ᠢ ᠬᠢᠨᠠᠮᠠᠭᠠᠶ ᠰᠣᠨᠣᠰᠴᠤ᠂ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠶᠢᠰᠢᠳᠠ ᠶᠢᠨ ᠠᠵᠢᠯ ᠢᠶᠠᠨ ᠬᠡᠷᠬᠢᠨ ᠰᠠᠶᠢᠲᠤᠷ ᠬᠢᠬᠦ ᠲᠤᠬᠠᠶ ᠲᠦᠷᠦᠭᠳᠡᠯ ᠪᠠ ᠠᠷᠭ᠎ᠠ ᠬᠡᠮᠵᠢᠶ᠎ᠡ ᠪᠠᠨ ᠶᠠᠷᠢᠪᠠ᠃

     ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠭᠦᠸᠧ ᡁᠢ ᠵᠥᠩ

ᠢᠯᠡᠷᠬᠡᠶᠢᠯᠡᠬᠦ ᠳᠡᠭᠡᠨ᠄ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠬᠤᠩ

ᠫᠠᠨ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠬᠤᠰᠢᠭᠤᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠷᠢᠨ ᠨᠢᠮᠪᠠᠶ ᠵᠢᠯᠣᠭᠤᠳᠣᠯᠭ᠎ᠠ ᠪᠠ

ᠰᠢᠶᠠᠩ ᠤᠨ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠪᠥᠬᠦ ᠰᠢᠶᠠᠩ ᠤᠨ ᠡᠯ᠎ᠡ

ᠵᠦᠢᠯ ᠤᠨ ᠭᠤᠤᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠲᠣᠰ ᠪᠡᠶ᠎ᠡ ᠶᠢᠨ ᠡᠭᠦᠷᠭᠡ ᠴᠢᠳᠠᠪᠤᠷᠢ ᠶᠢᠨ ᠦᠢᠯᠡᠳᠣᠯ ᠢ ᠦᠷᠭᠦᠯᠵᠢᠯᠡᠨ ᠪᠠᠳᠠᠷᠠᠭᠤᠯᠵᠤ᠂ ᠰᠤᠷᠤᠯᠴᠠᠵᠤ

ᠪᠠᠶᠢᠴᠠᠭᠠᠨ ᠰᠤᠳᠤᠯᠬᠤ ᠠᠵᠢᠯᠯᠠᠭ᠎ᠠ ᠶᠢ ᠬᠢᠨᠠᠮᠠᠭᠠᠶ ᠥᠷᠨᠢᠭᠦᠯᠵᠦ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ

ᠭᠦᠢᠴᠡᠳᠭᠡᠬᠦ ᠢᠳᠡᠪᠬᠢᠵᠢᠯ ᠢ ᠭᠦᠢᠴᠡᠳ ᠳᠠᠶᠢᠴᠢᠯᠠᠨ᠂ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠠᠵᠢᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠥᠬᠦ ᠰᠢᠶᠠᠩ ᠤᠨ ᠠᠵᠤ

ᠠᠬᠤᠶ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠳᠤ ᠨᠡᠯᠢᠶᠡᠳ ᠰᠠᠶᠢᠨ ᠠᠬᠢᠭᠤᠯᠬᠤ ᠦᠢᠯᠡᠳᠣᠯ ᠦᠵᠡᠭᠦᠯᠬᠦ

ᠬᠡᠷᠡᠭᠲᠡᠶ᠃

      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠣᠣ ᠰᠧ ᠫᠢᠩ ᠬᠡᠯᠡᠬᠦ ᠳᠡᠭᠡᠨ᠄

ᠪᠢᠳᠡ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠬᠠᠷᠠᠯᠲᠠ ᠲᠠᠢ ᠬᠠᠷᠢᠴᠠᠭᠤᠯᠵᠤ᠂ ᠠᠵᠠ ᠲᠣᠬᠢᠶᠠᠯ ᠢ ᠤᠯᠠᠮ

ᠨᠢᠭᠡ ᠠᠯᠬᠤᠮ ᠠᠮᠵᠢᠵᠤ᠂ ᠲᠣᠰᠬᠤᠨ ᠤ ᠠᠷᠠᠳ ᠤᠨ ᠬᠤᠪᠢ ᠣᠷᠣᠬᠤ ᠶᠢ ᠵᠣᠷᠢᠭᠵᠢᠭᠤᠯᠵᠤ᠂ ᠲᠡᠵᠢᠭᠡᠨ

ᠦᠷᠡᠵᠢᠭᠦᠯᠬᠦ ᠦᠢᠯᠡᠰ ᠢ ᠬᠥᠭᠵᠢᠭᠦᠯᠦᠨ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠪᠠᠶᠢᠭᠤᠯᠵᠤ᠂

ᠲᠣᠰᠬᠤᠨ ᠤ ᠠᠷᠠᠳ ᠤᠨ ᠬᠥᠭᠰᠢᠨ ᠪᠠᠭᠤᠷᠠᠶ ᠡᠪᠡᠳᠴᠢᠨ ᠵᠡᠮᠳᠡᠭ ᠤᠨ ᠪᠠᠶᠢᠳᠠᠯ ᠣᠷᠣᠰᠢᠵᠤ ᠪᠠᠶᠢᠭ᠎ᠠ ᠪᠠᠶᠢᠳᠠᠯ ᠳᠤ

ᠴᠢᠭᠯᠡᠭᠦᠯᠦᠨ᠂ ᠭᠠᠵᠠᠷ ᠰᠢᠷᠣᠶ ᠶᠢ ᠰᠢᠯᠵᠢᠭᠦᠯᠬᠦ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ

ᠢᠳᠡᠪᠬᠢᠲᠡᠶ ᠪᠠᠷ ᠨᠡᠮᠡᠭᠳᠡᠭᠦᠯᠵᠦ᠂ ᠲᠣᠰᠬᠤᠨ ᠤ ᠠᠷᠠᠳ ᠤᠨ ᠣᠷᠣᠯᠭ᠎ᠠ ᠶᠢ ᠲᠠᠰᠣᠷᠠᠯᠳᠠ ᠦᠭᠡᠢ ᠨᠡᠮᠡᠭᠳᠡᠭᠦᠯᠦᠨ᠂

ᠲᠠᠶᠠᠭᠳᠠᠬᠤ ᠵᠡᠷᠭᠡ ᠲᠦᠰᠢᠭᠯᠡᠬᠦ ᠦᠵᠡᠯ ᠰᠠᠨᠠᠭ᠎ᠠ ᠶᠢ ᠲᠠᠰᠣᠷᠠᠯᠳᠠ ᠦᠭᠡᠢ ᠳᠡᠭᠡᠭᠰᠢᠯᠡᠭᠦᠯᠵᠦ᠂ ᠴᠢᠰᠤ ᠶᠡᠭᠦᠯᠡᠬᠦ ᠶᠢ

ᠴᠢᠰᠤ ᠪᠦᠲᠦᠭᠡᠬᠦ ᠪᠣᠯᠭᠠᠨ ᠬᠤᠪᠢᠷᠠᠭᠤᠯᠵᠤ᠂ ᠨᠠᠮ ᠤᠨ ᠡᠭᠦᠷ ᠤᠨ ᠱᠦᠵᠢ᠂ ᠠᠷᠠᠳ ᠤᠨ ᠲᠥᠯᠥᠭᠡᠯᠡᠭᠴᠢᠳ ᠤᠨ

ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ

ᠲᠤᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃

      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠠᠩ ᠸᠧᠨ ᠴᠤᠤ᠄ ᠥᠨᠥᠳᠦᠷ

ᠲᠢᠶᠠᠨ ᠱᠧᠩ ᠡᠷᠬᠢᠯᠡᠭᠴᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ ᠨᠢ

ᠮᠢᠨᠦ ᠥᠪᠡᠷ ᠤᠨ ᠡᠭᠦᠷᠭᠡ ᠬᠠᠷᠢᠭᠤᠴᠠᠯᠭ᠎ᠠ ᠶᠢ ᠨᠡᠩ ᠲᠣᠳᠣᠷᠬᠠᠢ ᠪᠣᠯᠭᠠᠵᠠᠢ᠃ ᠬᠤᠶᠢᠰᠢᠳᠠ ᠪᠢ ᠳᠡᠭᠡᠳᠦ

ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠲᠥᠯᠥᠭᠡᠯᠡᠭᠴᠢ ᠶᠢᠨ ᠲᠤᠰᠢᠶᠠᠯ

ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠨ ᠪᠠᠶᠢᠳᠠᠯ

ᠠᠷᠠᠳ ᠤᠨ ᠰᠠᠨᠠᠭ᠎ᠠ ᠶᠢ ᠲᠤᠰᠬᠠᠵᠤ᠂ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠤᠨ᠂ ᠢᠳᠡᠪᠬᠢᠲᠡᠶ ᠪᠠᠷ ᠰᠠᠨᠠᠯ

ᠵᠥᠪᠯᠡᠯᠭᠡ ᠳᠡᠪᠰᠢᠭᠦᠯᠵᠦ ᠠᠷᠭ᠎ᠠ ᠪᠤᠳᠤᠯᠭ᠎ᠠ ᠲᠣᠭᠲᠠᠭᠠᠨ᠂ ᠤᠯᠠᠨ ᠲᠦᠮᠡᠨ ᠤ ᠰᠡᠳᠬᠢᠯ ᠢ ᠮᠡᠳᠡᠭᠴᠢ᠂ ᠣᠷᠣᠯᠠᠨ

ᠥᠭᠦᠯᠡᠭᠴᠢ ᠪᠠ ᠦᠢᠯᠡᠴᠢᠯᠡᠭᠴᠢ ᠶᠢ ᠰᠠᠶᠢᠲᠤᠷ ᠬᠢᠨ᠎ᠠ᠃

     ᠬᠤᠰᠢᠭᠤᠨ ᠤ ᠠᠷᠠᠳ ᠤᠨ ᠲᠥᠯᠥᠭᠡᠯᠡᠭᠴᠢ ᠯᠢᠦ ᠫᠧᠩ᠄ ᠮᠡᠳᠡᠭᠦᠯᠦᠯᠲᠡ ᠨᠢ ᠨᠠᠷᠢᠨ ᠪᠣᠳᠠᠲᠠᠶ ᠨᠠᠶᠢᠳᠠᠪᠤᠷᠢᠲᠠᠶ

᠂ ᠢᠮᠠᠭᠲᠠ ᠠᠷᠠᠳ ᠲᠦᠮᠡᠨ ᠤ ᠵᠣᠭᠰᠣᠯᠲᠠ ᠳᠡᠭᠡᠷ᠎ᠡ ᠵᠣᠭᠰᠣᠵᠤ᠂ ᠬᠥᠮᠦᠰ ᠤᠨ ᠰᠡᠳᠬᠢᠯ ᠢ ᠵᠣᠷᠢᠭᠵᠢᠭᠤᠯᠵᠤ᠂

ᠬᠥᠮᠦᠰ ᠤᠨ ᠤᠷᠮ᠎ᠠ ᠵᠣᠷᠢᠭ ᠢ ᠬᠥᠪᠴᠢᠯᠡᠨ᠎ᠡ᠂ ᠡᠨᠡ ᠵᠢᠯ ᠪᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ

ᠠᠷᠠᠳ ᠤᠨ ᠲᠥᠯᠥᠭᠡᠯᠡᠭᠴᠢ ᠪᠠᠷ ᠢᠷᠠᠭᠤ ᠠᠯᠳᠠᠷᠲᠠᠢ ᠪᠠᠷ ᠰᠣᠩᠭᠤᠭᠳᠠᠪᠠ᠂ ᠨᠠᠳᠠᠳᠤ ᠬᠢᠵᠠᠭᠠᠯᠠᠰᠢ ᠦᠭᠡᠢ ᠢᠷᠠᠭᠤ

ᠠᠯᠳᠠᠷ ᠲᠠᠢ ᠰᠠᠨᠠᠭᠳᠠᠵᠤ ᠪᠠᠶᠢᠨ᠎ᠠ᠂ ᠡᠭᠦᠨ ᠤ ᠬᠠᠮᠲᠤ ᠪᠠᠰᠠ ᠬᠠᠷᠢᠭᠤᠴᠠᠯᠭ᠎ᠠ ᠶᠢᠨ ᠬᠦᠨᠳᠦ ᠶᠡᠭᠡ ᠪᠠᠶᠢᠬᠤ ᠶᠢ

ᠮᠡᠳᠡᠷᠡᠵᠦ ᠪᠠᠶᠢᠨ᠎ᠠ᠂ ᠬᠤᠶᠢᠰᠢᠳᠠ ᠮᠠᠨ ᠤ ᠬᠤᠷᠰᠢᠶ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ

ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭᠠᠨ ᠤ ᠵᠢᠯᠤᠭᠤᠳᠤᠯᠭ᠎ᠠ ᠳᠣᠣᠷ᠎ᠠ᠂ ᠨᠢᠭᠡ ᠰᠢᠶᠠᠩ ᠨᠢᠭᠡ ᠪᠦᠲᠦᠭᠡᠭᠳᠡᠬᠦᠨ᠂

ᠪᠣᠬᠢᠷᠲᠤᠯ ᠦᠭᠡᠢ ᠪᠠᠷ ᠤᠷᠢᠳᠠᠪᠠᠷ ᠬᠥᠭᠵᠢᠭᠦᠯᠬᠦ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢ ᠴᠢᠷᠮᠠᠶᠢᠨ

ᠡᠭᠦᠳᠬᠦ ᠶᠢᠨ ᠬᠠᠮᠲᠤ ᠨᠡᠩ ᠤᠯᠠᠨ ᠵᠡᠭᠡᠷᠡᠲᠦ ᠬᠤᠳᠠ ᠪᠠᠯᠭᠠᠰᠤᠨ ᠤ ᠲᠣᠰᠬᠤᠨ ᠤ ᠠᠷᠠᠳ ᠢ ᠲᠠᠶᠢᠴᠢᠯᠠᠨ

ᠪᠠᠶᠠᠵᠢᠯ ᠤᠨ ᠵᠠᠮ ᠢᠶᠠᠷ ᠵᠠᠮᠨᠠᠭᠤᠯᠤᠨ᠎ᠠ᠃

      ᠰᠤᠷᠪᠤᠯᠵᠢᠯᠠᠭᠴᠢ᠄  ᠸᠠᠩ ᠯᠸᠢ   ᠯᠢᠶᠠᠩ ᠵᠢᠶᠠ ᠰᠢᠤᠸᠠᠨ    ᠺᠠᠩ ᠢᠦᠶ    ᠨᠢᠤ ᠪᠥᠸᠧ

      ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

     ᠣᠷᠴᠢᠭᠤᠯᠤᠨᠨᠴᠢ᠄  ᠭᠧ ᠲᠣᠸᠠᠨ ᠯᠢᠶᠡᠨ

   

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号