ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠲᠡᠭᠦᠰᠪᠡ
ᠨᠡᠶᠢᠲᠡᠯᠡᠭᠰᠡᠨ ᠴᠠᠭ᠄
2022/1/9
     1 ᠰᠠᠷ᠎ᠠ ᠶᠢᠨ 8 ᠤ ᠦᠳᠡ ᠶᠢᠨ ᠬᠤᠶᠢᠨ᠎ᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ ᠲᠡᠭᠦᠰᠪᠡ᠃

     ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 181 ᠬᠥᠮᠦᠨ᠂ ᠲᠤᠰ ᠤᠳᠠᠭ᠎ᠠ ᠶᠢᠨ ᠬᠤᠷᠠᠯ ᠳᠤ

ᠣᠷᠣᠯᠴᠠᠭᠰᠠᠨ ᠲᠥᠯᠥᠭᠡᠯᠡᠭᠴᠢ 180 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ

ᠨᠡᠶᠢᠴᠡᠨ᠎ᠡ᠃

     ᠲᠤᠰ ᠤᠳᠠᠭᠠᠨ ᠤ ᠬᠤᠷᠠᠯᠳᠤᠭᠠᠨ ᠤ ᠭᠦᠢᠴᠡᠳᠬᠡᠬᠦ ᠲᠡᠷᠢᠭᠦᠯᠡᠭᠴᠢ ᠪᠣᠯ ᠲᠢᠶᠠᠨ ᠱᠧᠩ᠂ ᠭᠤᠣ ᠰᠢᠶᠤᠤ

ᠢᠩ᠂ ᠸᠠᠩ ᠯᠢᠩ ᠯᠦᠩ᠂ ᠸᠠᠩ ᠰᠢᠤ᠂ ᠰᠦᠨ ᠰᠢᠶᠠᠩ ᠳ᠋ᠦᠩ ᠪᠣᠯᠤᠨ᠎ᠠ᠃

      ᠲᠢᠶᠠᠨ ᠱᠧᠩ ᠬᠤᠷᠠᠯ ᠡᠷᠭᠢᠯᠡᠪᠡ᠃

    ᠬᠤᠷᠠᠯ ᠠᠴᠠ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ

ᠠᠵᠢᠯ ᠤᠨ ᠢᠯᠡᠳᠬᠡᠯ︾ ᠤᠨ ᠲᠤᠬᠠᠶ ᠰᠢᠢᠳᠪᠦᠷᠢ ᠶᠢ ᠪᠠᠲᠤᠯᠠᠪᠠ︔ ︽ᠴᠠᠬᠠᠷ ᠪᠠᠷᠠᠭᠤᠨ ᠭᠠᠷᠤᠨ ᠳᠤᠮᠳᠠᠳᠤ

ᠬᠤᠰᠢᠭᠤᠨ ᠤ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ

ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2022 ᠣᠨ ᠤ ᠤᠯᠤᠰ ᠠᠷᠠᠳ ᠤᠨ ᠠᠵᠤ ᠠᠬᠤᠶ ᠪᠠ

ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢᠨ ᠲᠤᠬᠠᠶ ᠰᠢᠢᠳᠪᠦᠷᠢ ᠶᠢ ᠪᠠᠲᠤᠯᠠᠨ᠎ᠠ︔ ︽ᠴᠠᠬᠠᠷ ᠪᠠᠷᠠᠭᠤᠨ

ᠭᠠᠷᠤᠨ ᠳᠤᠮᠳᠠᠳᠤ ᠬᠤᠰᠢᠭᠤᠨ ᠤ 2021 ᠣᠨ ᠤ ᠲᠥᠰᠦᠪ ᠢ ᠭᠦᠢᠴᠡᠳᠭᠡᠭᠰᠡᠨ ᠪᠠᠶᠢᠳᠠᠯ ᠪᠠ 2022 ᠣᠨ ᠤ

ᠲᠥᠰᠦᠪ︾ ᠤᠨ ᠲᠤᠬᠠᠶ ᠰᠢᠢᠳᠪᠦᠷᠢ ᠶᠢ ᠪᠠᠲᠤᠯᠠᠨ᠎ᠠ︔ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ︾

 ᠶᠢᠨ ᠲᠤᠬᠠᠶ ᠰᠢᠢᠳᠪᠦᠷᠢ ᠶᠢ ᠪᠠᠳᠣᠯᠠᠪᠠ᠃ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ

ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ︾ ᠶᠢᠨ ᠲᠤᠬᠠᠶ ᠰᠢᠢᠳᠪᠦᠷᠢ ᠶᠢ ᠪᠠᠳᠣᠯᠠᠪᠠ᠃ ︽ᠴᠠᠬᠠᠷ ᠪᠠᠷᠠᠭᠤᠨ

ᠭᠠᠷᠤᠨ ᠳᠤᠮᠳᠠᠳᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ︾ ᠶᠢᠨ

ᠲᠤᠬᠠᠶ ᠰᠢᠢᠳᠪᠦᠷᠢ ᠶᠢ ᠪᠠᠲᠤᠯᠠᠪᠠ᠃

    ᠲᠢᠶᠠᠨ ᠱᠧᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠬᠤᠷᠠᠯ ᠤᠨ ᠬᠤᠭᠤᠴᠠᠭᠠᠨ ᠳᠤ

ᠲᠥᠯᠥᠭᠡᠯᠡᠭᠴᠢᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠦᠨᠳᠦᠰᠦᠨ

ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂

ᠳᠤᠮᠳᠠᠳᠤ ᠬᠤᠰᠢᠭᠤ ᠪᠠᠨ ᠪᠥᠲᠥᠭᠡᠨ ᠪᠠᠶᠢᠭᠤᠯᠬᠤ᠂ ᠳᠤᠮᠳᠠᠳᠤ ᠬᠤᠰᠢᠭᠤ ᠪᠠᠨ ᠬᠥᠭᠵᠢᠭᠦᠯᠬᠦ ᠶᠡᠭᠡ ᠪᠣᠳᠣᠯᠭ᠎ᠠ ᠶᠢ

ᠬᠠᠮᠲᠤ ᠪᠠᠷ ᠵᠥᠪᠳᠡᠯᠴᠡᠪᠡ᠃ ᠬᠤᠷᠠᠯ ᠠᠴᠠ ᠠᠷᠠᠳ ᠤᠨ ᠵᠠᠰᠠᠭ ᠤᠨ ᠣᠷᠳᠣᠨ ᠵᠡᠷᠭᠡ ᠵᠢᠷᠭᠤᠭᠠᠨ ᠮᠡᠳᠡᠭᠦᠯᠦᠯᠲᠡ ᠶᠢ

ᠬᠢᠨᠠᠨ ᠵᠥᠪᠯᠡᠵᠦ ᠵᠥᠪᠰᠢᠶᠡᠷᠡᠵᠦ᠂ ᠰᠢᠨ᠎ᠡ ᠨᠢᠭᠡ ᠬᠤᠭᠤᠴᠠᠭᠠᠨ ᠤ ᠬᠤᠰᠢᠭᠤᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠪᠠᠭ᠂

︽ᠨᠢᠭᠡ ᠵᠦᠪᠯᠡᠯ ᠬᠤᠶᠠᠷ ᠬᠤᠷᠢᠶ᠎ᠠ︾ ᠶᠢᠨ ᠭᠤᠣᠯ ᠤᠳᠤᠷᠢᠳᠤᠯᠭ᠎ᠠ ᠶᠢ ᠰᠣᠩᠭᠤᠨ ᠭᠠᠷᠭᠠᠵᠤ᠂ ᠤᠯᠠᠭᠠᠨᠴᠠᠪ

ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ

ᠲᠥᠯᠥᠭᠡᠯᠡᠭᠴᠢ ᠶᠢ ᠰᠣᠩᠭᠤᠨ ᠭᠠᠷᠭᠠᠵᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ

ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠳᠦᠷᠦᠯ ᠵᠦᠢᠯ ᠢ 4 ᠪᠠᠲᠤᠯᠠᠵᠤ᠂  ᠬᠤᠰᠢᠭᠤ ᠨᠠᠮ ᠤᠨ

ᠬᠤᠷᠢᠶᠠᠨ ᠤ ᠵᠣᠷᠢᠯᠲᠠ ᠪᠣᠯᠤᠨ ᠠᠷᠠᠳ ᠲᠦᠮᠡᠨ ᠤ ᠬᠦᠰᠡᠯ ᠡᠷᠡᠮᠡᠯᠵᠡᠯ ᠢ ᠪᠡᠶᠡᠯᠡᠭᠦᠯᠵᠦ᠂ ᠲᠥᠯᠥᠭᠡᠯᠡᠭᠴᠢᠳ ᠤᠨ

ᠤᠯᠤᠰ ᠳᠦᠷᠦ ᠶᠢᠨ ᠬᠡᠪ ᠴᠢᠨᠠᠷ ᠪᠣᠯᠤᠨ ᠤᠬᠢ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃

ᠠᠷᠠᠳ ᠤᠨ ᠰᠡᠳᠬᠢᠯ ᠢ ᠨᠢᠭᠲᠠᠷᠠᠭᠤᠯᠤᠭᠰᠠᠨ᠂ ᠠᠷᠠᠳ ᠤᠨ ᠰᠠᠨᠠᠭ᠎ᠠ ᠶᠢ ᠰᠢᠩᠭᠡᠭᠡᠨ ᠠᠪᠤᠭᠰᠠᠨ᠂ ᠠᠷᠠᠳ ᠤᠨ

ᠤᠶᠤᠨ ᠤᠬᠠᠭᠠᠨ ᠢ ᠲᠥᠪᠯᠡᠷᠡᠭᠦᠯᠦᠭᠰᠡᠨ ᠶᠡᠭᠡ ᠬᠤᠷᠠᠯ ᠮᠥᠨ᠂ ᠠᠷᠠᠳᠴᠢᠯᠠᠯ ᠪᠦᠯᠬᠦᠮᠳᠡᠯ ᠲᠠᠢ᠂ ᠪᠣᠳᠠᠲᠠᠢ ᠶᠢ

ᠡᠷᠬᠢᠮᠯᠡᠭᠰᠡᠨ ᠥᠨᠳᠥᠷ ᠦᠷ᠎ᠡ ᠪᠦᠲᠦᠮᠵᠢ ᠲᠠᠢ᠂ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠭᠰᠡᠨ

ᠶᠡᠭᠡ ᠬᠤᠷᠠᠯ ᠮᠥᠨ᠃

    ᠲᠢᠶᠠᠨ ᠱᠧᠩ ᠢᠯᠡᠷᠬᠡᠶᠢᠯᠡᠬᠦ ᠳᠡᠭᠡᠨ᠂ ᠥᠨᠥᠳᠦᠷ ᠠᠴᠠ ᠡᠬᠢᠯᠡᠭᠡᠳ᠂ ᠪᠢ ᠰᠢᠨ᠎ᠡ ᠨᠢᠭᠡ ᠬᠤᠭᠤᠴᠠᠭᠠᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ

ᠪᠦᠯᠬᠦᠮᠳᠡᠭᠦᠯᠦᠨ ᠳᠠᠭᠠᠭᠤᠯᠵᠤ᠂ ᠪᠥᠬᠦ ᠲᠥᠯᠥᠭᠡᠯᠡᠭᠴᠢᠳ ᠲᠠᠢ ᠬᠠᠮᠲᠤ ᠪᠠᠷ᠂ ᠬᠤᠭᠤᠴᠠᠭ᠎ᠠ ᠪᠦᠷᠢ ᠶᠢᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠰᠠᠶᠢᠨ ᠤᠯᠠᠮᠵᠢᠯᠠᠯ᠂ ᠰᠠᠶᠢᠨ ᠰᠤᠷᠲᠠᠯ ᠢ ᠦᠷᠭᠦᠯᠵᠢᠯᠡᠨ ᠪᠠᠳᠠᠷᠠᠭᠤᠯᠵᠤ᠂

ᠬᠤᠭᠤᠴᠠᠭ᠎ᠠ ᠪᠦᠷᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠶᠢᠨ ᠲᠤᠷᠰᠢᠯᠭ᠎ᠠ᠂ ᠰᠠᠶᠢᠨ

ᠠᠷᠭ᠎ᠠ ᠪᠠᠷ ᠲᠣᠯᠢ ᠪᠣᠯᠭᠠᠵᠤ᠂ ᠪᠥᠬᠦ ᠲᠥᠯᠥᠭᠡᠯᠡᠭᠴᠢ ᠪᠠ ᠪᠥᠬᠦ ᠬᠤᠰᠢᠭᠤᠨ ᠤ ᠠᠷᠠᠳ ᠲᠦᠮᠡᠨ ᠳᠤ ᠴᠢᠩᠭ᠎ᠠ

ᠲᠦᠰᠢᠭᠯᠡᠨ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ

ᠦᠨᠡᠨᠴᠢ ᠰᠢᠳᠤᠷᠭᠤ ᠪᠠᠷ ᠭᠦᠢᠴᠡᠳᠭᠡᠵᠦ᠂ ᠪᠥᠬᠦ ᠬᠤᠰᠢᠭᠤᠨ ᠤ ᠠᠷᠠᠳ ᠲᠦᠮᠡᠨ ᠤ ᠦᠨᠳᠦᠰᠦᠨ ᠠᠰᠢᠭ

ᠲᠤᠰᠠ ᠶᠢ ᠡᠷᠡᠰ ᠬᠠᠮᠠᠭᠠᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠪᠠ ᠡᠯ᠎ᠡ ᠵᠦᠢᠯ ᠤᠨ

ᠠᠵᠢᠯ  ᠦᠢᠯᠡᠰ ᠢ ᠲᠠᠰᠤᠷᠠᠯᠲᠠ ᠥᠬᠡᠶ ᠳᠥᠯᠭᠢᠨ ᠤᠷᠤᠭᠰᠢᠯᠠᠭᠤᠯᠤᠨ᠎ᠠ᠃

     ᠲᠢᠶᠠᠨ ᠱᠧᠩ ᠬᠠᠮᠤᠭ ᠤᠨ ᠰᠡᠭᠦᠯ ᠳᠤ᠂ ᠰᠢᠯᠭᠠᠯᠲᠠ ᠳᠤ ᠣᠷᠣᠯᠴᠠᠬᠤ ᠰᠢᠨ᠎ᠡ ᠵᠢᠷᠤᠭ ᠲᠥᠰᠦᠪ ᠢ ᠨᠢᠭᠡᠨᠲᠡ

ᠵᠢᠷᠤᠭᠯᠠᠪᠠ᠂ ᠪᠢᠳᠡ ᠴᠣ᠋ ᠰᠢᠨ᠎ᠡ ᠠᠶᠠᠨ ᠵᠠᠮ ᠳᠠᠭᠠᠨ ᠪᠦᠬᠦ ᠶᠠᠪᠤᠴᠠ ᠶᠢᠨ ᠠᠷᠠᠳᠴᠢᠯᠠᠯ ᠢ ᠲᠠᠰᠤᠷᠠᠯᠲᠠ ᠦᠭᠡᠢ

ᠪᠠᠷᠢᠮᠲᠠᠯᠠᠨ ᠲᠡᠭᠦᠯᠳᠡᠷᠵᠢᠭᠦᠯᠵᠦ᠂ ᠤᠷᠢᠶᠠᠯᠠᠭ᠎ᠠ ᠶᠢ ᠲᠠᠭᠠᠵᠤ᠂ ᠬᠠᠤᠯᠢ ᠴᠠᠭᠠᠵᠠ ᠳᠤ ᠰᠠᠭᠤᠷᠢᠯᠠᠵᠤ᠂

ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠨ᠎ᠡ

ᠬᠠᠭᠤᠳᠠᠰᠤ ᠶᠢ ᠪᠦᠬᠦ ᠬᠦᠴᠦᠨ ᠢᠶᠠᠷ ᠢᠶᠠᠨ ᠪᠢᠴᠢᠭᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠰᠢᠨ᠎ᠡ ᠬᠤᠪᠢ ᠨᠡᠮᠡᠷᠢ ᠦᠵᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠦᠶ᠎ᠡ ᠭᠡᠪᠡ᠃

    ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠰᠦᠷ ᠵᠢᠪᠬᠤᠯᠠᠩᠲᠤ ᠤᠯᠤᠰ ᠤᠨ ᠰᠦᠯᠳᠡ

ᠳᠠᠭᠤᠤ ᠶᠢᠨ ᠳᠤᠮᠳᠠ ᠲᠡᠭᠦᠰᠪᠡ᠃

      ᠰᠣᠷᠪᠣᠯᠵᠢᠯᠬᠠᠴᠢ᠄  ᠶᠠᠩ ᠴᠢᠣᠸᠠᠨ  ᠸᠠᠩ ᠯᠸᠢ   ᠺᠠᠩ ᠢᠤᠢ   ᠵᠠᠩ ᠰᠢᠶᠣᠣ ᠳ᠋ᠦᠩ   ᠨᠢᠤ ᠪᠦᠸᠧ  

ᠭᠤᠤ ᠸᠧᠢ

      ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ

      ᠣᠷᠴᠢᠭᠤᠯᠤᠨᠨᠴᠢ᠄  ᠭᠧ ᠲᠣᠸᠠᠨ ᠯᠢᠶᠡᠨ

 

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号