ᠤᠯᠤᠰ ᠲᠥᠷᠥ ᠶᠢᠨ ᠵᠥᠪᠯᠡᠯᠭᠡᠨ ᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯᠳᠣᠭᠠᠨ ᠲᠡᠭᠦᠰᠪᠡ
ᠨᠡᠶᠢᠲᠡᠯᠡᠭᠰᠡᠨ ᠴᠠᠭ᠄
2022/1/9
                  1 ᠰᠠᠷ᠎ᠠ ᠶᠢᠨ 7 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠲᠡᠭᠦᠰᠪᠡ᠃

    ᠲᠡᠭᠦᠰᠬᠦ ᠶᠡᠭᠡ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 136 ᠬᠥᠮᠦᠨ᠂ ᠪᠣᠳᠠᠲᠠᠢ ᠣᠷᠣᠯᠴᠠᠭᠰᠠᠨ ᠨᠢ

129 ᠬᠥᠮᠦᠨ ᠪᠠᠶᠢᠵᠤ᠂ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃

    ᠬᠤᠳᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭ᠎ᠠ ᠰᠣᠯᠢᠬᠤ ᠶᠢ ᠵᠢᠯᠣᠭᠤᠳᠬᠤ ᠱᠠᠯᠠᠪᠳᠠᠭᠤᠯᠤᠨ

ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠶᠢᠨ ᠲᠣᠮᠢᠯᠠᠭᠰᠠᠨ

ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ

ᠸᠠᠩ ᠾᠧᠩ ᠨᠡᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃

    ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂

ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠶᠠᠩ ᠯᠢ ᠮᠧᠶ᠂ ᠬᠤᠰᠢᠭᠤᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠲᠢᠶᠠᠨ ᠱᠧᠩ ᠵᠢᠴᠢ ᠬᠤᠰᠢᠭᠤ

ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠯ᠎ᠡ ᠳᠡᠳ᠋ ᠡᠷᠬᠢᠯᠡᠭᠴᠢ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠳᠡᠳ᠋

ᠬᠤᠰᠢᠭᠤᠨ ᠳᠠᠷᠤᠭ᠎ᠠ᠂ ᠬᠤᠰᠢᠭᠤᠨ ᠤ ᠰᠢᠭᠦᠬᠦ ᠬᠤᠷᠢᠶ᠎ᠠ ᠶᠢᠨ ᠳᠠᠷᠤᠭ᠎ᠠ᠂ ᠬᠤᠰᠢᠭᠤᠨ ᠤ ᠪᠠᠶᠢᠴᠠᠭᠠᠬᠤ ᠬᠤᠷᠢᠶ᠎ᠠ ᠶᠢᠨ

ᠪᠠᠶᠢᠴᠠᠭᠠᠬᠤ ᠳᠠᠷᠤᠭ᠎ᠠ ᠵᠡᠷᠭᠡ ᠤᠳᠤᠷᠢᠳᠤᠯᠭ᠎ᠠ ᠤᠷᠢᠯᠭ᠎ᠠ ᠪᠠᠷ ᠶᠡᠭᠡ ᠬᠤᠷᠠᠯ ᠳᠤ ᠣᠷᠣᠯᠴᠠᠵᠠᠶ᠃

    ᠰᠢᠨ᠎ᠡ ᠪᠠᠷ ᠰᠣᠩᠭᠤᠭᠳᠠᠭᠰᠠᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠶᠢᠨ᠂ ᠳᠡᠳ᠋

ᠲᠡᠷᠢᠭᠦᠯᠡᠭᠴᠢ ᠤᠷᠠᠨᠴᠢᠮᠡᠭ᠂  ᠰᠣ᠋ ᡁᠢ ᠪᠢᠶᠣᠤ᠂ ᠵᠠᠩ ᡁᠢ᠂ ᠯᠢᠦᠶ ᠱᠣ᠋ ᠶᠠᠨ᠂ ᠨᠠᠷᠢᠨ ᠪᠢᠴᠢᠭ ᠤᠨ ᠳᠠᠷᠤᠭ᠎ᠠ ᠡᠤ  ᠸᠧᠨ

ᡁᠢ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃

    ᠯᠢᠦᠶ ᠱᠣ᠋ ᠶᠠᠨ ᠶᠡᠭᠡ ᠬᠤᠷᠠᠯ ᠢ ᠡᠷᠭᠢᠯᠡᠪᠡ᠃

    ᠬᠤᠷᠠᠯ ᠠᠴᠠ ᠶᠢᠰᠦᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ

ᠠᠵᠢᠯ ᠤᠨ ᠢᠯᠡᠳᠬᠡᠯ ᠤᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ

ᠠᠷᠪᠠᠳᠤᠭᠠᠷ ᠬᠤᠭᠤᠴᠠᠭᠠᠨ ᠤ ᠬᠤᠷᠢᠶᠠᠨ ᠤ ᠤᠯᠤᠰ ᠲᠦᠷᠦ ᠶᠢᠨ ᠵᠥᠪᠯᠡᠯᠭᠡᠨ ᠤ ᠴᠠᠬᠠᠷ ᠪᠠᠷᠠᠭᠤᠨ ᠭᠠᠷᠤᠨ ᠳᠤᠮᠳᠠᠳᠤ

ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯᠳᠤᠭᠠᠨ ᠤ ᠰᠠᠨᠠᠯ ᠵᠥᠪᠯᠡᠯᠭᠡ ᠶᠢ ᠬᠢᠨᠠᠨ

ᠪᠠᠳᠣᠯᠠᠪᠠ᠃  ᠤᠯᠤᠰ ᠲᠦᠷᠦ ᠶᠢᠨ ᠵᠥᠪᠯᠡᠯᠭᠡᠨ ᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠳᠤᠭᠠᠷ

ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯᠳᠤᠭᠠᠨ ᠤ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠪᠠᠶᠢᠳᠠᠯ ᠤᠨ

ᠮᠡᠳᠡᠭᠦᠯᠦᠯᠲᠡ ᠶᠢ ᠬᠢᠨᠠᠨ ᠪᠠᠳᠣᠯᠠᠪᠠ᠃ ᠤᠯᠤᠰ ᠲᠥᠷᠥ ᠶᠢᠨ ᠵᠥᠪᠯᠡᠯᠭᠡᠨ ᠤ ᠴᠠᠬᠠᠷ ᠪᠠᠷᠠᠭᠤᠨ ᠭᠠᠷᠤᠨ ᠳᠤᠮᠳᠠᠳᠤ

ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯᠳᠤᠭᠠᠨ ᠤ ᠤᠯᠤᠰ ᠲᠥᠷᠥ ᠶᠢᠨ

ᠰᠢᠢᠳᠪᠦᠷᠢ ᠶᠢ ᠬᠢᠨᠠᠨ ᠵᠦᠪᠯᠡᠵᠦ ᠪᠠᠳᠣᠯᠠᠪᠠ᠃

    ᠯᠢ ᠶᠢᠨ ᠬᠤᠷᠠᠯ ᠲᠡᠭᠦᠰᠬᠦ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠤᠯᠤᠰ ᠳᠦᠷᠤ ᠶᠢᠨ ᠵᠦᠪᠯᠡᠯᠬᠡᠨ ᠤ ᠴᠠᠬᠠᠷ

ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯ ᠨᠢ

ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ

ᠶᠡᠭᠡ ᠬᠤᠷᠠᠯ᠂ ᠵᠠᠰᠠᠭ ᠤᠨ ᠣᠷᠳᠣᠨ ᠤ ᠳᠡᠮᠵᠢᠯᠭᠡ᠂ ᠪᠦᠭᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ

ᠨᠢᠭᠲᠠ ᠬᠠᠮᠵᠢᠯᠴᠠᠭ᠎ᠠ ᠳᠣᠣᠷ᠎ᠠ᠂ ᠪᠦᠭᠦ ᠭᠡᠰᠢᠭᠦᠳ ᠪᠠ ᠬᠤᠷᠠᠯ ᠳᠤ ᠣᠷᠣᠯᠴᠠᠭᠰᠠᠨ ᠨᠥᠬᠦᠳ ᠤᠨ ᠬᠠᠮᠲᠤ ᠶᠢᠨ

ᠴᠢᠷᠮᠠᠶᠢᠯᠭ᠎ᠠ ᠪᠠᠷ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠡᠶ᠃

    ᠯᠢ ᠶᠢᠨ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠬᠤᠷᠠᠯ ᠪᠣᠯ ᠪᠥᠬᠦ ᠬᠤᠰᠢᠭᠤᠨ ᠤ ᠳᠡᠭᠡᠳᠦ ᠳᠣᠤᠷᠠᠳᠤ

ᠱᠠᠲᠤᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ

ᠵᠢᠷᠭᠤᠳᠤᠭᠠᠷ ᠪᠥᠬᠦᠳᠡ ᠬᠤᠷᠠᠯ ᠪᠣᠯᠤᠨ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠬᠤ

ᠬᠤᠭᠤᠴᠠᠭᠠᠨ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠪᠣᠯᠤᠨ᠎ᠠ᠃  ᠬᠤᠰᠢᠭᠤ

ᠨᠠᠮ ᠤᠨ ᠬᠤᠷᠢᠶ᠎ᠠ ᠡᠨᠡ ᠤᠳᠠᠭ᠎ᠠ ᠶᠢᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠤᠣ ᠰᠧᠨ ᠱᠦᠵᠢ

ᠡᠬᠢᠯᠡᠯᠲᠡ ᠶᠢᠨ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠬᠤᠰᠢᠭᠤᠨ ᠤ ᠶᠢᠰᠦᠳᠦᠭᠡᠷ ᠬᠤᠭᠤᠴᠠᠭᠠᠨ ᠤ ᠤᠯᠤᠰ

ᠲᠥᠷᠥ ᠶᠢᠨ ᠵᠥᠪᠯᠡᠯᠭᠡᠨ ᠤ ᠬᠡᠳᠦᠨ ᠵᠢᠯ ᠤᠨ ᠲᠤᠷᠰᠢᠬᠢ ᠠᠮᠵᠢᠯᠲᠠ ᠪᠦᠲᠦᠮᠵᠢ ᠲᠠᠢ ᠠᠵᠢᠯ ᠢ ᠭᠦᠢᠴᠡᠳ ᠨᠤᠲᠠᠯᠠᠵᠤ

ᠥᠨᠳᠥᠷ ᠦᠨᠡᠯᠡᠵᠦ᠂ ᠡᠭᠦᠨ ᠤ ᠬᠠᠮᠲᠤ ᠪᠠᠰᠠ ᠰᠢᠨ᠎ᠡ ᠨᠢᠭᠡ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠳᠤ

ᠴᠢᠷᠮᠠᠶᠢᠬᠤ ᠴᠢᠭᠯᠡᠯ ᠪᠠ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠤ᠂ ᠰᠢᠨ᠎ᠡ ᠴᠠᠭ ᠦᠶ᠎ᠡ ᠳᠤ ᠤᠯᠤᠰ ᠲᠦᠷᠦ ᠶᠢᠨ

ᠵᠥᠪᠯᠡᠯᠭᠡᠨ ᠤ ᠠᠵᠢᠯ ᠢ ᠰᠠᠶᠢᠲᠤᠷ ᠬᠢᠬᠦ ᠨᠠᠨᠳᠢᠨ ᠬᠦᠰᠡᠯ ᠨᠠᠶᠢᠳᠠᠯᠭ᠎ᠠ ᠪᠠᠨ ᠲᠠᠯᠪᠢᠵᠤ᠂ ᠬᠤᠰᠢᠭᠤᠨ ᠤ ᠨᠠᠮ ᠤᠨ

ᠬᠤᠷᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂

ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ᠂ ᠥᠷᠭᠡᠨ ᠤᠯᠠᠨ ᠤᠯᠤᠰ ᠲᠦᠷᠦ ᠶᠢᠨ

ᠵᠥᠪᠯᠡᠯᠭᠡᠨ ᠤ ᠭᠡᠰᠢᠭᠦᠨ ᠪᠠ ᠤᠯᠤᠰ ᠲᠦᠷᠦ ᠶᠢᠨ ᠵᠥᠪᠯᠡᠯᠭᠡᠨ ᠤ ᠠᠵᠢᠯᠲᠠᠳ ᠲᠤ ᠯᠤᠲᠤ ᠶᠡᠭᠡ ᠵᠣᠷᠢᠭᠵᠢᠭᠤᠯᠤᠯ ᠪᠠ

ᠲᠦᠢᠯ ᠤᠨ ᠶᠡᠭᠡ ᠱᠠᠭᠠᠷᠳᠠᠯᠭ᠎ᠠ ᠲᠠᠯᠪᠢᠭᠰᠠᠨ ᠪᠠᠶᠢᠨ᠎ᠠ᠃ ᠪᠢᠳᠡ ᠵᠠᠪᠠᠯ ᠨᠠᠷᠢᠨ ᠬᠢᠨᠠᠮᠠᠭᠠᠶ ᠰᠤᠷᠤᠯᠴᠠᠵᠤ᠂ ᠭᠦᠨᠵᠡᠭᠡᠶ

ᠤᠢᠢᠯᠠᠭᠠᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠶ᠃

    ᠯᠢ ᠶᠢᠨ ᠴᠢᠬᠤᠯᠠᠴᠢᠯᠠᠭᠰᠠᠨ ᠨᠢ᠂ ᠬᠤᠷᠠᠯ ᠤᠨ ᠬᠤᠭᠤᠴᠠᠭᠠᠨ ᠳᠤ᠂ ᠪᠦᠬᠦ ᠭᠡᠰᠢᠭᠦᠳ ᠳᠡᠭᠡᠳᠦ ᠬᠡᠮᠵᠢᠶᠡᠨ ᠤ ᠤᠯᠤᠰ

ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡ ᠶᠢᠨ ᠴᠢᠩᠭ᠎ᠠ ᠡᠭᠦᠷᠭᠡᠲᠦ ᠰᠡᠳᠬᠢᠯᠭᠡ ᠪᠠᠷ᠂ ᠬᠤᠰᠢᠭᠤᠨ ᠤ

ᠶᠢᠰᠦᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ

ᠵᠢᠴᠢ ᠰᠠᠨᠠᠯ ᠳᠤᠷᠠᠳᠤᠯᠭ᠎ᠠ ᠶᠢᠨ ᠠᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠤᠨ ᠰᠢᠭᠦᠬᠦ ᠬᠤᠷᠢᠶ᠎ᠠ᠂

ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ᠬᠤᠰᠢᠭᠤᠨ ᠤ ᠨᠠᠮ ᠤᠨ ᠬᠤᠷᠢᠶ᠎ᠠ᠂

ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ ᠳᠤ ᠭᠦᠨᠵᠡᠭᠡᠶ ᠵᠥᠪᠳᠡᠯᠴᠡᠨ ᠵᠠᠰᠠᠭ ᠤᠨ ᠶᠠᠪᠤᠳᠠᠯ ᠢ ᠵᠥᠪᠯᠡᠵᠦ᠂

ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠦᠨᠡᠨ ᠮᠡᠳᠡᠯᠭᠡ ᠨᠡᠪᠲᠡᠷᠬᠡᠶ ᠦᠵᠡᠯᠲᠡ ᠪᠠᠨ

ᠳᠤᠷᠠᠳᠤᠨ᠂ ᠰᠢᠨ᠎ᠡ ᠨᠢᠭᠡ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠡᠭᠡᠳᠦ ᠬᠡᠮᠵᠢᠶᠡᠨ ᠤ

ᠶᠡᠭᠡ ᠲᠠᠯ᠎ᠠ ᠶᠢᠨ ᠤᠬᠠᠮᠰᠠᠷ᠂ ᠣᠷᠭᠢᠯᠤᠮ᠎ᠠ ᠬᠠᠯᠠᠭᠤᠨ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠ ᠡᠭᠦᠷᠭᠡ

ᠬᠠᠷᠢᠭᠤᠴᠠᠯᠭ᠎ᠠ ᠪᠠᠨ ᠬᠦᠢᠴᠡᠳᠭᠡᠬᠦ ᠴᠠᠭ ᠦᠶ᠎ᠡ ᠶᠢᠨ ᠴᠤᠭ ᠵᠢᠪᠬᠤᠭ᠎ᠠ ᠶᠢ ᠭᠦᠢᠴᠡᠳ ᠲᠤᠰᠬᠠᠵᠤ᠂ ︽ᠤᠴᠢᠷ ᠶᠠᠪᠤᠳᠠᠯ

ᠪᠠᠶᠢᠪᠠᠯ ᠰᠠᠶᠢᠲᠤᠷ ᠵᠥᠪᠳᠡᠯᠴᠡᠬᠦ᠂ ᠣᠯᠠᠨ ᠤ ᠶᠠᠪᠤᠳᠠᠯ ᠢ ᠣᠯᠠᠨ ᠢᠶᠠᠷ ᠢᠶᠠᠨ ᠵᠥᠪᠳᠡᠯᠴᠡᠬᠦ︾ ᠠᠮᠢᠳᠤᠯᠢᠭ ᠪᠠᠶᠢᠳᠠᠯ ᠢ

ᠢᠯᠡᠷᠡᠭᠦᠯᠪᠡ᠃ ᠲᠤᠰ ᠤᠳᠠᠭ᠎ᠠ ᠶᠢᠨ ᠶᠡᠭᠡ ᠬᠤᠷᠠᠯ ᠦᠪᠡᠳᠡᠭᠰᠢ ᠶᠡᠭᠡ ᠪᠥᠭᠡᠳ ᠬᠦᠷ ᠬᠥᠭᠵᠢᠶᠡᠨ ᠲᠠᠢ᠂ ᠲᠡᠭᠦᠰ

ᠠᠮᠵᠢᠯᠲᠠ ᠲᠠᠢ ᠬᠤᠷᠠᠯᠳᠤᠵᠤ᠂ ᠪᠦᠯᠬᠦᠮᠳᠡᠨ ᠤᠷᠤᠭᠰᠢᠯᠠᠭᠰᠠᠨ᠂ ᠠᠷᠠᠳᠴᠢᠯᠠᠯ ᠲᠠᠢ ᠡᠶ᠎ᠡ ᠵᠣᠬᠢᠴᠠᠯ ᠲᠠᠢ᠂ ᠴᠤᠭ

ᠪᠠᠳᠠᠷᠠᠩᠭᠤᠶ ᠪᠠᠷ ᠤᠷᠤᠭᠰᠢᠯᠠᠭᠰᠠᠨ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠭᠰᠡᠨ ᠠᠭᠤᠷ ᠠᠮᠢᠰᠬᠤᠯ ᠢᠶᠠᠷ ᠪᠢᠯᠬᠠᠵᠤ᠂

ᠦᠵᠡᠯ ᠰᠠᠨᠠᠭ᠎ᠠ ᠪᠠᠨ ᠨᠢᠭᠡᠳᠬᠡᠭᠰᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠭᠰᠠᠨ᠂ ᠬᠥᠮᠦᠰ ᠢ ᠤᠷᠮᠠᠰᠢᠭᠤᠯᠤᠨ

ᠤᠷᠤᠭᠰᠢᠯᠠᠭᠤᠯᠤᠭᠰᠠᠨ ᠶᠡᠭᠡ ᠬᠤᠷᠠᠯ ᠮᠥᠨ᠂ ᠠᠷᠠᠳᠴᠢᠯᠠᠯ ᠢ ᠪᠠᠳᠠᠷᠠᠭᠤᠯᠤᠭᠰᠠᠨ᠂ ᠪᠦᠯᠬᠦᠮᠳᠡᠯ ᠢ ᠴᠢᠩᠭᠠᠷᠠᠭᠤᠯᠤᠭᠰᠠᠨ᠂

ᠤᠷᠢᠳᠤᠬᠢ ᠶᠢ ᠵᠠᠯᠭᠠᠮᠵᠢᠯᠠᠨ ᠬᠤᠶᠢᠲᠤᠬᠢ ᠶᠢ ᠨᠡᠭᠡᠭᠡᠭᠰᠡᠨ ᠶᠡᠭᠡ ᠬᠤᠷᠠᠯ ᠮᠥᠨ︕

    ᠯᠢ ᠶᠢᠨ ᠵᠢᠭᠠᠵᠤ ᠭᠠᠷᠭᠠᠭᠰᠠᠨ ᠨᠢ᠂ ᠡᠨᠡ ᠤᠳᠠᠭᠠᠨ ᠤ ᠶᠡᠭᠡ ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ

ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠲᠡᠷᠢᠭᠦᠯᠡᠭᠴᠢ᠂ ᠳᠡᠳ᠋

ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ᠂ ᠪᠠᠶᠢᠩᠭᠤ ᠶᠢᠨ ᠭᠡᠰᠢᠭᠦᠨ ᠢ ᠰᠣᠩᠭᠤᠨ ᠭᠠᠷᠭᠠᠵᠠᠶ᠃ ᠡᠨᠡ ᠪᠣᠯ ᠵᠣᠬᠢᠶᠠᠨ

ᠪᠠᠶᠢᠭᠤᠯᠤᠯᠲᠠ ᠶᠢᠨ ᠪᠠ ᠪᠦᠬᠦ ᠭᠡᠰᠢᠭᠦᠳ ᠤᠨ ᠢᠲᠡᠭᠡᠯ ᠬᠠᠶᠢᠷ᠎ᠠ ᠮᠥᠨ᠃ ᠪᠢᠳᠡ ᠬᠤᠰᠢᠭᠤᠨ ᠤ ᠨᠠᠮ ᠤᠨ ᠬᠤᠷᠢᠶᠠᠨ ᠤ

ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠶ᠂ ᠭᠡᠰᠢᠭᠦᠳ ᠤᠨ ᠬᠦᠰᠡᠯ ᠢ ᠬᠥᠰᠡᠷᠳᠡᠭᠦᠯᠬᠦ ᠦᠭᠡᠶ᠂

ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠠᠵᠠ ᠲᠣᠬᠢᠶᠠᠯ ᠢ ᠤᠯᠠᠮ

ᠨᠠᠨᠳᠢᠩᠨᠠᠵᠤ᠂ ᠠᠷᠠᠳ ᠤᠨ ᠲᠥᠯᠥᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠢᠷᠠᠭᠤ ᠠᠯᠳᠠᠷᠲᠤ ᠡᠭᠦᠷᠭᠡ

ᠬᠠᠷᠢᠭᠤᠴᠠᠯᠭ᠎ᠠ ᠶᠢ ᠤᠯᠠᠮ ᠨᠠᠨᠳᠢᠩᠨᠠᠵᠤ᠂ ᠬᠠᠮᠲᠤᠷᠠᠨ ᠠᠵᠢᠯᠯᠠᠬᠤ ᠬᠤᠪᠢᠰᠬᠠᠯ ᠤᠨ ᠬᠤᠪᠢ ᠲᠠᠪᠢᠯᠠᠩ ᠢ ᠤᠯᠠᠮ

ᠨᠠᠨᠳᠢᠩᠨᠠᠵᠤ᠂ ᠪᠦᠭᠦ ᠭᠡᠰᠢᠭᠦᠳ ᠲᠤ ᠨᠢᠭᠲᠠ ᠲᠦᠰᠢᠭᠯᠡᠨ᠂ ᠬᠠᠮᠲᠤ ᠶᠢᠨ ᠤᠶᠤᠨ ᠤᠬᠠᠭᠠᠨ ᠢ ᠭᠦᠢᠴᠡᠳ ᠪᠠᠳᠠᠷᠠᠭᠤᠯᠵᠤ᠂

ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠦᠢᠯᠡᠰ ᠢᠶᠠᠨ ᠳᠡᠭᠡᠳᠦᠯᠡᠨ ᠴᠢᠷᠮᠠᠶᠢᠨ ᠠᠵᠢᠯᠯᠠᠵᠤ᠂ ᠰᠢᠨ᠎ᠡ

ᠨᠢᠭᠡ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠮᠠᠨ ᠤ

ᠬᠤᠰᠢᠭᠤᠨ ᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠢ ᠦᠷᠭᠦᠯᠵᠢᠯᠡᠨ ᠲᠦᠯᠬᠢᠨ ᠤᠷᠤᠭᠰᠢᠯᠠᠭᠤᠯᠤᠨ᠎ᠠ᠃

    ᠯᠢ ᠶᠢᠨ ᠴᠢᠬᠤᠯᠠᠴᠢᠯᠠᠭᠰᠠᠨ ᠨᠢ᠂ ᠢᠷᠡᠭᠡᠳᠦᠶ ᠶᠢᠨ ᠲᠠᠪᠤᠨ ᠵᠢᠯ ᠪᠣᠯ ᠴᠠᠬᠠᠷ ᠪᠠᠷᠠᠭᠤᠨ ᠭᠠᠷᠤᠨ ᠳᠤᠮᠳᠠᠳᠤ

ᠬᠤᠰᠢᠭᠤᠨ ᠤ ᠢᠯᠠᠯᠲᠠ ᠶᠢᠨ ᠡᠷᠴᠢᠨ ᠳᠡᠭᠡᠷ᠎ᠡ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ  ᠪᠦᠳᠦᠭᠡᠨ

ᠪᠠᠶᠢᠭᠤᠯᠬᠤ ᠰᠢᠨ᠎ᠡ ᠠᠶᠠᠨ ᠵᠠᠮ ᠢ ᠡᠬᠢᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠮᠥᠨ᠂ ᠴᠢᠨᠠᠷ ᠰᠠᠶᠢᠲᠠᠶ ᠬᠦᠢᠭᠵᠢᠯᠲᠠ ᠶᠢ

ᠠᠬᠢᠭᠤᠯᠬᠤ ᠪᠠᠶᠢᠯᠳᠤᠬᠤ ᠪᠤᠲᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠮᠥᠨ᠂ ᠨᠠᠩ ᠴᠤ ᠠᠷᠠᠳ ᠤᠨ ᠤᠯᠤᠰ

ᠳᠦᠷᠤ ᠶᠢᠨ ᠵᠦᠪᠯᠡᠯᠬᠡᠨ ᠤ ᠶᠡᠭᠡ ᠦᠢᠯᠡᠰ ᠢ ᠪᠦᠲᠦᠭᠡᠵᠦ ᠪᠣᠯᠬᠤ᠂ ᠶᠡᠭᠡ ᠦᠢᠯᠡᠰ ᠢ ᠪᠦᠲᠦᠭᠡᠬᠦ ᠴᠢᠬᠤᠯᠠ ᠬᠤᠭᠤᠴᠠᠭ᠎ᠠ

ᠮᠥᠨ᠃ ᠤᠯᠤᠰ ᠲᠦᠷᠦ ᠶᠢᠨ ᠲᠣᠭᠲᠠᠯ ᠬᠦᠴᠦᠨ ᠢ ᠪᠠᠲᠤᠯᠠᠵᠤ᠂ ᠤᠬ ᠰᠠᠨᠠᠭ᠎ᠠ ᠪᠠᠨ ᠪᠠᠳᠦ ᠴᠡᠭᠡᠵᠢᠯᠡᠵᠦ᠂ ᠤᠯᠤᠰ

ᠲᠦᠷᠦ ᠶᠢᠨ ᠴᠢᠭᠯᠡᠯ ᠢ ᠪᠠᠲᠤᠳᠬᠠᠬᠤ ᠲᠠᠯ᠎ᠠ ᠪᠠᠷ ︽ᠤᠯᠤᠰ ᠲᠦᠷᠦ ᠶᠢᠨ ᠵᠥᠪᠯᠡᠯᠭᠡᠨ ᠤ ᠵᠣᠭᠰᠣᠴᠠ︾ ᠶᠢ ᠢᠯᠡᠷᠡᠭᠦᠯᠬᠦ

ᠬᠡᠷᠡᠭᠲᠡᠢ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠠᠵᠠ

ᠲᠣᠬᠢᠶᠠᠯ ᠢ ᠬᠤᠪᠢ ᠲᠠᠬᠢᠨ ᠨᠠᠨᠳᠢᠩᠨᠠᠬᠤ ᠳᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠶᠢᠷᠢ ᠲᠣᠭᠲᠠᠭᠠᠯᠲᠠ ᠪᠠᠨ

ᠪᠠᠲᠤᠳᠬᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠵᠤ᠂ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ︽

ᠤᠯᠤᠰ ᠲᠦᠷᠦ ᠶᠢᠨ ᠵᠥᠪᠯᠡᠯᠭᠡᠨ ᠤ ᠡᠭᠦᠷᠭᠡ︾ ᠶᠢ ᠡᠭᠦᠷᠭᠡᠯᠡᠬᠦ ᠬᠡᠷᠡᠭᠲᠡᠶ᠃ ᠠᠷᠠᠳ ᠤᠨ ᠲᠥᠯᠥᠭᠡ ᠡᠭᠦᠷᠭᠡ

ᠬᠠᠷᠢᠭᠤᠴᠠᠯᠭ᠎ᠠ ᠪᠠᠨ ᠭᠦᠢᠴᠡᠳᠬᠡᠬᠦ ᠲᠡᠦᠬᠡᠲᠦ ᠡᠭᠦᠷᠭᠡ ᠪᠠᠨ ᠬᠤᠪᠢ ᠲᠠᠬᠢᠨ ᠨᠠᠨᠳᠢᠩᠨᠠᠵᠤ᠂ ᠠᠷᠠᠳ ᠤᠨ ᠲᠥᠯᠥᠭᠡ

ᠵᠢᠳᠬᠦᠬᠦ ᠵᠣᠷᠢᠯᠲᠠ ᠪᠠᠨ ᠪᠠᠲᠤ ᠴᠡᠭᠡᠵᠢᠯᠡᠵᠦ᠂ ᠠᠷᠠᠳ ᠤᠨ ᠦᠢᠯᠡ ᠠᠵᠢᠯᠯᠠᠭ᠎ᠠ ᠶᠢ ᠬᠦᠴᠦᠯᠡᠨ ᠬᠢᠵᠦ᠂ ᠠᠷᠠᠳ ᠤᠨ

ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ︽ᠤᠯᠤᠰ ᠲᠦᠷᠦ ᠶᠢᠨ ᠵᠥᠪᠯᠡᠯᠭᠡᠨ ᠤ ᠬᠠᠯᠠᠭᠤᠨ ᠳᠤᠯᠠᠭᠠᠨ︾

 ᠢ ᠢᠯᠡᠷᠡᠭᠦᠯᠬᠦ ᠬᠡᠷᠡᠭᠲᠡᠢ᠃ ᠦᠵᠡᠯ ᠰᠠᠨᠠᠭᠠᠨ ᠤ ᠵᠢᠯᠤᠭᠤᠳᠤᠯᠭ᠎ᠠ ᠶᠢ ᠴᠢᠩᠭᠠᠳᠬᠠᠵᠤ᠂ ᠬᠠᠮᠲᠤ ᠶᠢᠨ ᠲᠠᠨᠢᠯᠲᠠ ᠶᠢ

ᠥᠷᠭᠡᠨ ᠢᠶᠠᠷ ᠨᠢᠭᠲᠠᠷᠠᠭᠤᠯᠵᠤ᠂ ᠪᠦᠯᠬᠦᠮᠳᠡᠯ ᠠᠷᠠᠳᠴᠢᠯᠠᠯ ᠢ ᠴᠢᠩᠭᠠᠳᠬᠠᠬᠤ ᠲᠠᠯ᠎ᠠ ᠪᠠᠷ ︽ᠤᠯᠤᠰ ᠲᠦᠷᠦ ᠶᠢᠨ

ᠵᠥᠪᠯᠡᠯᠭᠡᠨ ᠤ ᠬᠠᠮᠲᠤᠷᠠᠯ ᠤᠨ ᠬᠦᠴᠦᠨ︾ ᠢ ᠨᠢᠭᠲᠠᠷᠠᠭᠤᠯᠬᠤ ᠬᠡᠷᠡᠭᠲᠡᠢ᠃ ᠳᠠᠪᠠᠯᠲᠠ ᠲᠠᠢ ᠬᠥᠭᠡᠭᠡᠵᠦ ᠭᠦᠢᠴᠡᠬᠦ ᠪᠠ

ᠳᠠᠪᠠᠵᠤ ᠭᠠᠷᠬᠤ ᠬᠥᠭᠵᠢᠯᠲᠡ ᠶᠢᠨ ᠪᠠᠶᠢᠳᠠᠯ ᠢ ᠬᠤᠪᠢ ᠲᠠᠬᠢᠨ ᠨᠠᠨᠳᠢᠩᠨᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ

ᠴᠢᠩᠭᠠᠳᠬᠠᠵᠤ᠂ ᠰᠠᠶᠢᠨ ᠰᠠᠶᠢᠬᠠᠨ ᠲᠦᠷᠢ ᠲᠥᠷᠬᠦ ᠪᠠᠨ ᠢᠯᠡᠷᠡᠭᠦᠯᠵᠦ᠂ ᠰᠡᠳᠬᠢᠯ ᠲᠠᠯᠪᠢᠨ ᠪᠣᠳᠠᠲᠠᠢ ᠠᠵᠢᠯᠯᠠᠵᠤ

ᠬᠠᠷᠢᠭᠤᠴᠠᠯᠭ᠎ᠠ ᠡᠭᠦᠷᠭᠡᠯᠡᠬᠦ ᠲᠠᠯ᠎ᠠ ᠪᠠᠷ ︽ᠤᠯᠤᠰ ᠲᠦᠷᠦ ᠶᠢᠨ ᠵᠥᠪᠯᠡᠯᠭᠡᠨ ᠤ ᠰᠢᠨ᠎ᠡ ᠳᠦᠷᠰᠦ ᠪᠠᠶᠢᠳᠠᠯ︾ ᠢ ᠢᠯᠡᠷᠡᠭᠦᠯᠬᠦ

ᠬᠡᠷᠡᠭᠲᠡᠢ᠃ ᠪᠥᠬᠦ ᠭᠡᠰᠢᠭᠦᠳ ᠲᠠᠢ ᠬᠠᠮᠲᠤ ᠪᠠᠷ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ

ᠳᠣᠤᠷ᠎ᠠ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠥᠬᠡᠶ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠥᠬᠡᠶ ᠪᠠᠷ

ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠭᠡᠵᠦ᠂ ᠰᠢᠷᠭᠠᠭᠤ ᠠᠵᠢᠯᠯᠠᠨ᠂ ᠵᠣᠷᠢᠭᠲᠠᠶ ᠪᠠᠷ ᠠᠵᠢᠯᠯᠠᠵᠤ᠂

ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠦᠢᠯᠡᠰ ᠤᠨ ᠰᠢᠨ᠎ᠡ

ᠪᠠᠶᠢᠳᠠᠯ ᠢ ᠴᠢᠷᠮᠠᠶᠢᠨ ᠪᠣᠶ ᠪᠣᠯᠭᠠᠨ᠎ᠠ᠃

    ᠯᠢ ᠶᠢᠨ ᠬᠠᠮᠤᠭ ᠤᠨ ᠰᠡᠭᠦᠯ ᠳᠤ ᠬᠡᠯᠡᠭᠰᠡᠨ ᠨᠢ᠂ ᠭᠡᠰᠢᠭᠦᠳ ᠡ᠂ ᠨᠥᠬᠦᠳ ᠡ᠂ ᠪᠢᠳᠠ ᠰᠢ ᠶᠢᠨ ᠫᠢᠩ ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ

ᠥᠨᠳᠥᠷ ᠮᠠᠨᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠡᠳᠬᠢᠯ ᠢᠶᠠᠨ

ᠨᠢᠭᠡᠳᠬᠡᠨ ᠬᠦᠴᠦ ᠪᠠᠨ ᠬᠠᠮᠲᠤᠳᠬᠠᠵᠤ᠂ ᠵᠠᠮ ᠨᠡᠭᠡᠭᠡᠨ ᠤᠷᠤᠭᠰᠢᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ

᠂ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ

ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠬᠠᠭᠤᠳᠠᠰᠤ ᠶᠢ ᠵᠢᠷᠤᠭᠯᠠᠬᠤ ᠶᠢᠨ ᠲᠥᠯᠥᠭᠡ ᠬᠠᠮᠲᠤᠪᠠᠷ ᠲᠡᠮᠡᠴᠡᠵᠡᠭᠡᠶ᠎ᠡ︕

   ᠮᠠᠨ ᠤ ᠬᠤᠰᠢᠭᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠤᠯᠤᠰ ᠲᠥᠷᠥ ᠶᠢᠨ ᠵᠥᠪᠯᠡᠯᠭᠡᠨ ᠤ

ᠭᠡᠰᠢᠭᠦᠨ ᠪᠤᠰᠤ ᠬᠤᠰᠢᠭᠤᠨ ᠬᠠᠷᠢᠶ᠎ᠠ ᠡᠯ᠎ᠡ ᠰᠠᠯᠠᠭ᠎ᠠ ᠮᠥᠴᠢᠷ ᠵᠢᠴᠢ ᠬᠠᠮᠢᠶᠠᠷᠤᠯᠲᠠ ᠶᠢᠨ ᠨᠢᠭᠡᠴᠡ᠂ ᠬᠡᠰᠡᠭ ᠰᠤᠷᠭᠠᠭᠤᠯᠢ᠂

ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤ ᠶᠢᠨ ᠬᠦᠷᠢᠶᠡᠯᠡᠩ ᠲᠣᠭᠤᠷᠢᠭ ᠤᠨ

ᠭᠤᠤᠯ ᠤᠳᠤᠷᠢᠳᠤᠯᠭ᠎ᠠ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠰᠠᠬᠢᠯᠭ᠎ᠠ ᠪᠠᠲᠤ ᠪᠠᠶᠢᠴᠠᠭᠠᠬᠤ

ᠳᠤᠭᠤᠶᠢᠯᠠᠩ ᠤᠨ ᠳᠠᠷᠤᠭ᠎ᠠ᠂ ᠡᠯ᠎ᠡ ᠲᠤᠰᠬᠠᠶ ᠵᠥᠪᠯᠡᠯ ᠤᠨ ᠳᠡᠳ᠋ ᠡᠷᠬᠢᠯᠡᠭᠴᠢ ᠬᠤᠷᠠᠯ ᠳᠤ ᠰᠤᠯᠠ ᠣᠷᠣᠯᠴᠠᠵᠠᠶ᠃

         ᠰᠤᠷᠪᠤᠯᠵᠢᠯᠠᠭᠴᠢ  ᠄ ᠸᠠᠩ ᠯᠸᠢ    ᠶᠠᠩ ᠴᠢᠤᠸᠠᠨ     ᠯᠢᠶᠠᠩ ᠵᠢᠶᠠ ᠰᠢᠤᠸᠠᠨ   ᠡᠦ ᠶᠠᠨ ᠶᠠᠨ     ᠺᠠᠩ

ᠢᠦᠶ

         ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

         ᠣᠷᠴᠢᠭᠤᠯᠤᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号