| 1 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ | ᠭᠤᠷᠪᠠᠳᠤᠭᠠᠷ ᠣᠳᠠᠭᠠᠨ ᠤ ᠪᠥᠬᠦᠳᠡ ᠬᠤᠷᠠᠯ ᠬᠤᠷᠠᠯᠳᠣᠪᠠ᠃ | | | | | ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 181 ᠬᠥᠮᠦᠨ ᠪᠠᠶᠢᠵᠤ᠂ ᠪᠣᠳᠠᠲᠠᠢ ᠣᠷᠣᠯᠴᠠᠭᠰᠠᠨ | ᠲᠥᠯᠥᠭᠡᠯᠡᠭᠴᠢ 180 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃ | ᠬᠤᠲᠠ ᠶᠢᠨ ᠨᠠᠮ ᠤᠨ ᠬᠤᠷᠢᠶ᠎ᠠ ᠶᠢᠨ ᠳᠥᠷᠪᠡᠳᠦᠭᠡᠷ ᠬᠤᠭᠤᠴᠠᠭ᠎ᠠ ᠰᠣᠯᠢᠬᠤ ᠠᠵᠢᠯ ᠢ ᠵᠢᠯᠣᠭᠤᠳᠤᠨ ᠰᠢᠪᠠᠳᠠᠨ | ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠣᠮᠢᠯᠠᠨ | ᠰᠠᠭᠤᠯᠭᠠᠭᠰᠠᠨ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ | ᠳᠤᠭᠤᠶᠢᠯᠠᠩ ᠤᠨ ᠳᠠᠷᠤᠭ᠎ᠠ ᠸᠠᠩ ᠾᠧᠩ ᠨᠡᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠰᠢᠶᠠᠨ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ | ᠳᠥᠷᠪᠡᠳᠦᠭᠡᠷ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠵᠢᠶᠧ᠂ ᠪᠦᠷᠢᠯᠳᠦᠬᠦᠨ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ | ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠦ᠋ ᠢ ᠿᠢ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠣᠷᠴᠢᠨ ᠲᠣᠭᠤᠷᠢᠨ ᠤ ᠬᠥᠷᠥᠩᠭᠡ ᠶᠢᠨ ᠠᠵᠢᠯ ᠤᠨ | ᠵᠥᠪᠯᠡᠯ ᠤᠨ ᠡᠷᠬᠢᠯᠡᠭᠴᠢ ᠵᠠᠶ ᠯᠢ ᠵᠢᠶᠦ᠋ᠨ ᠨᠥᠬᠦᠷ ᠲᠤᠰᠬᠠᠶᠢᠯᠠᠨ ᠬᠤᠷᠠᠯ ᠳᠤ ᠢᠷᠡᠵᠦ ᠵᠢᠭᠠᠨ ᠵᠢᠯᠣᠭᠤᠳᠪᠠ᠃ | ᠲᠣᠰ ᠤᠳᠠᠭᠠᠨ ᠤ ᠶᠡᠭᠡ ᠬᠤᠷᠠᠯ ᠤᠨ ᠭᠦᠢᠴᠡᠳᠭᠡᠬᠦ ᠲᠡᠷᠢᠭᠦᠯᠡᠭᠴᠢ ᠪᠣᠯ᠄ ᠭᠤᠤ ᠰᠧᠨ᠂ ᠲᠢᠶᠠᠨ ᠱᠧᠩ᠂ ᠶᠠᠩ ᠯᠢ | ᠮᠧᠶ᠂ ᠯᠢ ᠶᠢᠨ᠂ ᠸᠠᠩ ᠶᠠᠩ᠂ ᠭᠤᠤ ᠰᠢᠶᠤᠤ ᠶᠢᠩ᠂ ᠲᠣᠭᠠᠷ᠂ ᠭᠤᠤ ᠵᠢᠶᠦ᠋ᠨ ᠶᠤᠸᠠᠢ᠂ ᠸᠠᠩ ᠯᠢᠩ ᠯᠦᠩ ᠪᠣᠯᠤᠨ᠎ᠠ᠃ | | ᠭᠤᠤ ᠰᠧᠨ ᠬᠤᠷᠠᠯ ᠡᠷᠭᠢᠯᠡᠪᠡ᠃ | | | | ᠬᠤᠷᠠᠯ ᠠᠴᠠ ᠨᠢᠭᠤᠴᠠ ᠰᠣᠩᠭᠤᠭᠤᠯᠢ ᠶᠢᠨ ᠠᠷᠭ᠎ᠠ ᠶᠢ ᠪᠠᠲᠤᠯᠠᠵᠤ᠂ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠳᠡᠳ᠋ ᠡᠷᠬᠢᠯᠡᠭᠴᠢ᠂ ᠭᠡᠰᠢᠭᠦᠨ᠂ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠳᠡᠳ᠋ ᠬᠤᠰᠢᠭᠤᠨ ᠳᠠᠷᠤᠭ᠎ᠠ᠂ ᠴᠠᠬᠠᠷ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ᠂ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠪᠣᠯᠤᠨ ᠤᠯᠠᠭᠠᠨᠴᠠᠪ ᠬᠤᠲᠠ ᠶᠢᠨ | ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢ ᠰᠣᠩᠭᠤᠨ | ᠭᠠᠷᠭᠠᠵᠦ᠂ ᠪᠢᠯᠧᠲ ᠥᠭᠴᠦ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 2022 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠠᠲᠤᠯᠠᠪᠠ᠃ | | | | | ᠲᠢᠶᠠᠨ ᠱᠧᠩ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠰᠣᠩᠭᠤᠭᠳᠠᠪᠠ᠃ | | | | | ᠸᠠᠩ ᠰᠢᠤ᠂ ᠸᠠᠩ ᠯᠢᠩ ᠯᠦᠩ᠂ ᠰᠦᠨ ᠰᠢᠶᠠᠩ ᠳ᠋ᠦᠩ᠂ ᠭᠤᠤ ᠰᠢᠶᠤᠤ ᠶᠢᠩ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠰᠣᠩᠭᠤᠭᠳᠠᠪᠠ᠃ | ᠮᠠ ᠵᠢᠶᠦ᠋ᠨ ᠫᠢᠩ ᠵᠡᠷᠭᠡ 25 ᠨᠥᠬᠦᠷ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ | ᠰᠣᠩᠭᠤᠭᠳᠠᠪᠠ᠃ | | | | | | ᠶᠠᠩ ᠯᠢ ᠮᠧᠶ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ | ᠳᠠᠷᠤᠭ᠎ᠠ ᠪᠠᠷ ᠰᠣᠩᠭᠤᠭᠳᠠᠪᠠ᠃ | ᠸᠠᠩ ᠬᠠᠶ ᠵᠧᠨ᠂ ᠸᠠᠩ ᠬᠠᠶ ᠶᠠᠨ᠂ ᠯᠢᠦ ᠴᠢ᠂ ᠯᠢ ᠪᠢᠨ᠂ ᠴᠧᠨ ᠱᠢ ᠢᠦᠶ᠂ ᠭᠤᠤ ᠳ᠋ᠦᠩ ᠮᠧᠶ᠂ ᠫᠠᠨ ᠸᠧᠶ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠷ | ᠰᠣᠩᠭᠤᠭᠳᠠᠪᠠ᠃ | ᠱᠢ ᠢ ᠫᠧᠩ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ | ᠡᠷᠬᠢᠯᠡᠭᠴᠢ ᠪᠠᠷ ᠰᠣᠩᠭᠤᠭᠳᠠᠪᠠ᠃ | ᠱᠤᠸᠠᠢ ᠢᠦᠢ ᠪᠢᠩ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ | ᠬᠤᠷᠢᠶᠠᠨ ᠳᠠᠷᠤᠭ᠎ᠠ ᠪᠠᠷ ᠰᠣᠩᠭᠤᠭᠳᠠᠪᠠ᠃ | ᠸᠠᠩ ᠰᠢᠶᠤᠤ ᠯᠦᠩ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ | ᠪᠠᠶᠢᠴᠠᠭᠠᠬᠤ ᠳᠠᠷᠤᠭ᠎ᠠ ᠪᠠᠷ ᠰᠣᠩᠭᠤᠭᠳᠠᠪᠠ᠃ | | | | | ᠭᠦᠩ ᠵᠢᠶᠠᠨ ᠵᠡᠷᠭᠡ 26 ᠨᠥᠬᠦᠳ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠪᠠᠷ ᠰᠣᠩᠭᠤᠭᠳᠠᠪᠠ᠃ | | | | | | ᠰᠢᠨ᠎ᠡ ᠪᠠᠷ ᠰᠣᠩᠭᠤᠭᠳᠠᠭᠰᠠᠨ ᠬᠥᠮᠦᠰ ᠪᠦᠬᠦ ᠲᠥᠯᠥᠭᠡᠯᠡᠭᠴᠢᠳ ᠲᠠᠢ ᠠᠭᠤᠯᠵᠠᠬᠤ ᠶᠢᠨ ᠬᠠᠮᠲᠤ ᠬᠠᠮᠲᠤ ᠪᠠᠷ | ᠦᠨᠳᠦᠰᠦᠨ ᠬᠠᠤᠯᠢ ᠳᠤ ᠲᠠᠩᠭᠠᠷᠢᠭᠯᠠᠪᠠ᠃ | | | | | ᠰᠢᠨ᠎ᠡ ᠪᠠᠷ ᠰᠣᠩᠭᠤᠭᠳᠠᠭᠰᠠᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠬᠤᠰᠢᠭᠤᠨ ᠳᠠᠷᠤᠭ᠎ᠠ ᠶᠠᠩ ᠯᠢ ᠮᠧᠶ ᠲᠤᠰᠢᠶᠠᠯ ᠳᠤ ᠭᠠᠷᠬᠤ ᠶᠠᠷᠢᠶ᠎ᠠ ᠲᠠᠯᠪᠢᠵᠤ᠂ ︽ᠬᠤᠤᠰ ᠵᠠᠭᠤᠨ ᠵᠢᠯ︾ | ᠤᠨ ᠲᠡᠮᠡᠴᠡᠯ ᠤᠨ ᠬᠠᠷᠠᠯᠲᠠ ᠶᠢᠨ ᠲᠡᠤᠬᠡ ᠶᠢᠨ ᠰᠣᠯᠪᠢᠴᠠᠯ ᠤᠨ ᠣᠨᠴᠠᠭᠠᠶ ᠴᠠᠭ ᠮᠥᠴᠡ ᠳᠤ᠂ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠠᠪᠠᠭ᠎ᠠ ᠶᠢ ᠳᠠᠪᠠᠭ᠋ᠤ ᠵᠠᠩᠭᠢᠯᠠᠭ᠎ᠠ ᠶᠢᠨ ᠴᠠᠭ ᠦᠶ᠎ᠡ ᠳᠤ᠂ | ᠬᠤᠰᠢᠭᠤᠨ ᠳᠠᠷᠤᠭ᠎ᠠ ᠶᠢᠨ ︽ᠪᠤᠤᠬᠢᠶ᠎ᠠ︾ ᠶᠢ ᠲᠤᠰᠴᠤ ᠠᠪᠤᠭᠠᠳ᠂ ᠡᠭᠦᠷᠭᠡ ᠢᠷᠠᠭᠤ ᠠᠯᠳᠠᠷ ᠲᠠᠢ᠂ ᠬᠠᠷᠢᠭᠤᠴᠠᠯᠭ᠎ᠠ | ᠬᠦᠨᠳᠦ ᠶᠡᠭᠡ ᠪᠠᠶᠢᠬᠤ ᠶᠢ ᠭᠦᠨᠵᠡᠭᠡᠶ ᠣᠶᠢᠯᠠᠭᠠᠵᠤ᠂ ᠡᠨᠡ ᠪᠣᠯ ᠨᠢᠭᠡᠨ ᠰᠢᠨ᠎ᠡ ᠡᠬᠢᠯᠡᠯᠲᠡ ᠮᠥᠨ ᠪᠥᠭᠡᠳ ᠨᠠᠩ ᠴᠤ ᠨᠢᠭᠡ | ᠤᠳᠠᠭᠠᠨ ᠤ ᠰᠢᠨ᠎ᠡ ᠰᠢᠯᠭᠠᠯᠲᠠ ᠮᠥᠨ᠃ ᠪᠢ ᠨᠠᠮ ᠪᠣᠯᠤᠨ ᠠᠷᠠᠳ ᠲᠦᠮᠡᠨ ᠠᠴᠠ ᠣᠯᠭᠤᠭᠰᠠᠨ ᠡᠭᠦᠷᠭᠡ | ᠬᠠᠷᠢᠭᠤᠴᠠᠯᠭ᠎ᠠ ᠪᠠᠨ ᠬᠤᠪᠢ ᠳᠠᠬᠢᠨ ᠨᠠᠨᠳᠢᠩᠨᠠᠵᠤ᠂ ᠪᠦᠭᠦ ᠬᠤᠰᠢᠭᠤᠨ ᠤ ᠠᠷᠠᠳ ᠲᠦᠮᠡᠨ ᠳᠤ ᠦᠢᠯᠡᠴᠢᠯᠡᠬᠦ ᠠᠵᠠ | ᠲᠣᠬᠢᠶᠠᠯ ᠢ ᠬᠤᠪᠢ ᠳᠠᠬᠢᠨ ᠨᠠᠨᠳᠢᠩᠨᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠵᠣᠷᠢᠭᠲᠠᠢ ᠪᠠᠷ ᠡᠷᠡᠯᠬᠡᠭᠯᠡᠨ ᠲᠡᠮᠡᠴᠡᠵᠦ᠂ ᠦᠨᠡᠨᠴᠢ ᠰᠢᠳᠤᠷᠭᠤ ᠪᠠᠷ ᠠᠵᠢᠯᠯᠠᠬᠤ ᠳᠤ ᠬᠤᠶᠢᠷᠭᠤᠰᠢᠬᠤ ᠦᠭᠡᠢ | ᠪᠠᠶᠢᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢᠨ ᠬᠠᠮᠠᠭᠠᠯᠠᠭᠴᠢ ᠪᠤᠯᠵᠤ᠂ ᠪᠦᠯᠬᠦᠮᠳᠡᠨ ᠨᠢᠭᠲᠠᠷᠠᠵᠤ ᠬᠠᠮᠲᠤᠪᠠᠷ | ᠠᠵᠢᠯᠯᠠᠬᠤ ᠶᠢᠨ ᠬᠠᠮᠠᠭᠠᠯᠠᠭᠴᠢ ᠪᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡᠯᠡᠭᠴᠢ ᠪᠤᠯᠵᠤ᠂ ᠠᠷᠠᠳ | ᠲᠦᠮᠡᠨ ᠳᠤ ᠦᠢᠯᠡᠴᠢᠯᠡᠬᠦ ᠪᠣᠳᠠᠲᠠᠢ ᠠᠵᠢᠯᠯᠠᠭᠴᠢ ᠪᠤᠯᠵᠤ᠂ ᠠᠷᠢᠭᠤᠨ ᠴᠢᠬᠡᠴᠢ ᠦᠢᠯᠡᠳᠦᠯᠭᠡᠵᠢᠭᠦᠯᠦᠭᠴᠢ ᠪᠣᠯᠤᠨ᠎ᠠ᠃ | ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ | ᠪᠥᠬᠦ ᠬᠤᠰᠢᠭᠤᠨ ᠤ ᠺᠠᠳ᠋ᠷ ᠣᠯᠠᠨ ᠲᠦᠮᠡᠨ ᠲᠠᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ | ᠲᠡᠮᠡᠴᠡᠵᠦ᠂ ᠡᠭᠦᠷᠭᠡ ᠬᠠᠷᠢᠭᠤᠴᠠᠯᠭ᠎ᠠ ᠪᠠᠨ ᠪᠡᠶ᠎ᠡ ᠪᠠᠷ ᠢᠶᠠᠨ ᠴᠢᠷᠮᠠᠶᠢᠨ ᠠᠵᠢᠯᠯᠠᠬᠤ ᠣᠶᠤᠨ ᠰᠠᠨᠠᠭᠠᠨ ᠤ ᠳᠦᠷᠰᠦ ᠪᠠᠶᠢᠳᠠᠯ᠂ | ᠬᠦᠨᠳᠦ ᠡᠭᠦᠷᠭᠡ ᠪᠠᠨ ᠡᠭᠦᠷᠭᠡᠯᠡᠨ ᠠᠵᠢᠯᠯᠠᠬᠤ ᠪᠣᠳᠠᠲᠤ ᠠᠵᠢᠯᠯᠠᠭ᠎ᠠ ᠪᠠᠷ ᠢᠶᠠᠨ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠶᠠᠪᠤᠳᠠᠯ ᠢ ᠰᠠᠶᠢᠲᠤᠷ ᠬᠢᠵᠦ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠢᠯ ᠢ ᠰᠠᠶᠢᠲᠤᠷ | ᠬᠢᠵᠦ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠎ᠡ ᠴᠠᠭ ᠦᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠪᠥᠬᠦ ᠬᠤᠰᠢᠭᠤᠨ ᠤ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠶ | ᠬᠠᠷᠢᠭᠤᠯᠲᠠ ᠶᠢᠨ ᠬᠠᠭᠤᠳᠠᠰᠤ ᠲᠤᠰᠢᠶᠠᠶ᠎ᠠ︕ | ᠲᠣᠰ ᠤᠳᠠᠭᠠᠨ ᠤ ᠪᠥᠬᠦᠳᠡ ᠬᠤᠷᠠᠯ ᠳᠤ ᠰᠤᠯᠠ ᠣᠷᠣᠯᠴᠠᠭᠰᠠᠳ ᠲᠤ᠄ ᠬᠠᠤᠯᠢ ᠪᠠᠷ ᠲᠣᠭᠲᠠᠭᠠᠭᠰᠠᠨ ᠰᠤᠯᠠ | ᠣᠷᠣᠯᠴᠠᠭᠰᠠᠳ ᠠᠴᠠ ᠭᠠᠳᠠᠨ᠎ᠠ᠂ ᠪᠠᠰᠠ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 29 ᠳ᠋ᠣᠭᠡᠷ ᠬᠤᠷᠠᠯᠳᠤᠭᠠᠨ ᠠᠴᠠ ᠲᠣᠭᠲᠠᠭᠠᠭᠰᠠᠨ | ᠰᠣᠯᠠ ᠣᠷᠣᠯᠴᠬᠠᠰᠠᠨ ᠨᠢᠭᠡᠴᠢ ᠪᠠ ᠬᠦᠮᠦᠰ ᠪᠠᠶᠢᠨ᠎ᠠ᠃ | | ᠰᠣᠷᠪᠣᠯᠵᠢᠯᠬᠠᠴᠢ᠄ ᠶᠠᠩ ᠴᠢᠣᠸᠠᠨ ᠸᠠᠩ ᠯᠸᠢ ᠺᠠᠩ ᠢᠤᠢ ᠵᠠᠩ ᠰᠢᠶᠣᠣ ᠳ᠋ᠦᠩ ᠨᠢᠤ ᠪᠦᠸᠧ | ᠭᠤᠤ ᠸᠧᠢ | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠤᠨᠨᠴᠢ᠄ ᠭᠧ ᠲᠣᠸᠠᠨ ᠯᠢᠶᠡᠨ | |