| | | | ᠣᠳᠣ ᠪᠠᠰᠠ ᠯᠤᠤᠪᠠᠩ ᠬᠤᠷᠢᠶᠠᠬᠤ ᠤᠯᠠᠷᠢᠯ ᠪᠣᠯᠤᠯ᠎ᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠤᠰᠤᠲᠤ ᠪᠠᠯᠭᠠᠰᠤᠨ ᠤ ᠲᠠᠷᠢᠶᠠᠴᠢᠳ ᠤᠨ ᠴᠢᠷᠠᠢ ᠳᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠪᠢᠯᠬᠠᠨ᠎ᠠ᠃ 4 | ᠰᠠᠷ᠎ᠠ ᠭᠠᠷᠤᠶ ᠶᠢᠨ ᠬᠤᠭᠤᠴᠠᠭᠠᠨ ᠳᠤ ᠤᠯᠠᠭᠠᠨ ᠯᠤᠤᠪᠠᠩ ᠨᠢᠭᠡᠨᠲᠡ ᠪᠣᠯᠪᠠᠰᠤᠷᠠᠭᠠᠳ ᠬᠤᠷᠢᠶᠠᠬᠤ ᠪᠠᠷᠢᠮᠵᠢᠶ᠎ᠠ ᠳᠤ | ᠬᠦᠷᠦᠭᠰᠡᠨ ᠪᠠᠶᠢᠨ᠎ᠠ᠃ ᠲᠠᠷᠢᠶᠠᠴᠢᠳ ᠤᠨ ᠠᠵᠢᠯ ᠤᠨ ᠬᠤᠪᠢᠶᠠᠷᠢᠯᠠᠯ ᠲᠣᠳᠣᠷᠬᠠᠢ᠂ ᠲᠤᠰ ᠲᠤᠰ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠡᠯᠪᠡᠭ ᠬᠤᠷᠢᠶᠠᠯᠲᠠ ᠶᠢᠨ ᠶᠠᠭᠠᠷᠠᠯᠲᠠᠢ ᠪᠠᠶᠢᠳᠠᠯ ᠢᠯᠡᠷᠡᠵᠡᠢ᠃ | | | | | ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ ᠭᠤᠤ ᠸᠧᠢ᠄ ᠤᠰᠤᠲᠤ ᠶᠢᠨ | ᠤᠯᠠᠭᠠᠨ ᠯᠤᠤᠪᠠᠩ ᠬᠥᠮᠦᠰ ᠤᠨ ᠬᠦᠷᠢᠶᠡᠯᠡᠯ ᠢ ᠣᠯᠵᠤ ᠪᠠᠶᠢᠬᠤ ᠶᠢᠨ ᠭᠤᠣᠯ ᠰᠢᠯᠲᠠᠭᠠᠨ ᠨᠢ ᠲᠡᠭᠦᠨ ᠤ ᠠᠮᠲᠠ | ᠰᠠᠶᠢᠲᠠᠢ᠂ ᠸᠢᠲ᠋ᠠᠮᠢᠨ ᠵᠡᠷᠭᠡ ᠰᠢᠮ᠎ᠡ ᠲᠡᠵᠢᠭᠡᠯ ᠠᠭᠤᠯᠣᠨᠨᠳᠠᠵᠦ ᠪᠠᠶᠢᠬᠤ ᠳᠤ ᠪᠠᠶᠢᠨ᠎ᠠ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠤᠨᠴᠠᠯᠢᠬᠳᠤ ᠲᠠᠷᠢᠮᠠᠯ ᠤᠨ ᠦᠢᠯᠡᠰ ᠢ ᠬᠥᠭᠵᠢᠭᠦᠯᠵᠦ᠂ ᠤᠳᠤ ᠦᠶ᠎ᠡ ᠶᠢᠨ ᠬᠥᠮᠦᠰ ᠤᠨ ᠡᠷᠡᠭᠦᠯ | ᠴᠢᠭᠢᠷᠠᠭ ᠢᠳᠡᠭᠡᠨ ᠤᠮᠳᠠᠭᠠᠨ ᠤ ᠬᠡᠷᠡᠭᠴᠡᠭᠡ ᠠᠴᠠ ᠭᠠᠷᠳᠠᠵᠤ᠂ ᠠᠮᠲᠠ ᠰᠠᠶᠢᠲᠠᠢ᠂ ᠰᠢᠮ᠎ᠡ ᠲᠡᠵᠢᠭᠡᠯ ᠤᠨ | ᠦᠷᠳᠡᠭ ᠢᠶᠠᠷ ᠥᠨᠳᠥᠷ᠂ ᠲᠠᠸᠠᠷ ᠤᠨ ᠴᠢᠨᠠᠷ ᠢᠶᠠᠷ ᠰᠠᠶᠢᠨ ᠤᠯᠠᠭᠠᠨ ᠯᠤᠤᠪᠠᠩ ᠢ ᠰᠣᠩᠭᠤᠨ ᠰᠢᠪᠲᠤᠯᠤᠯᠲᠠ ᠶᠢᠨ | ᠴᠡᠭ ᠪᠣᠯᠭᠠᠵᠤ᠂ ᠲᠠᠷᠢᠶᠠᠴᠢᠳ ᠢ ᠲᠠᠶᠢᠴᠢᠯᠠᠨ ᠤᠨᠴᠠᠯᠢᠬᠳᠤ ᠠᠵᠤ ᠦᠢᠯᠡᠰ ᠢᠶᠠᠷ ᠳᠠᠮᠵᠢᠨ ᠣᠷᠣᠯᠭ᠎ᠠ ᠪᠠᠨ | ᠨᠡᠮᠡᠭᠳᠡᠭᠦᠯᠬᠦ ᠶᠢ ᠪᠡᠶᠡᠯᠡᠭᠦᠯᠦᠨ᠎ᠡ᠃ | | | | | ᠣᠰᠣᠳᠣ ᠶᠢᠨ ᠠᠷᠠᠯᠵᠢᠶᠠᠴᠢᠨ ᠤ ᠣᠷᠣᠯᠠᠨ ᠭᠦᠢᠴᠡᠳᠬᠡᠭᠴᠢ ᠱᠠᠩ ᠯᠢ ᠶᠢᠩ ᠬᠡᠯᠡᠬᠦ ᠳᠡᠭᠡᠨ᠂ ᠡᠨᠡ ᠵᠢᠯ | ᠤᠰᠤᠲᠤ ᠶᠢᠨ ᠤᠯᠠᠭᠠᠨ ᠯᠤᠤᠪᠠᠩ ᠨᠡᠯᠢᠶᠡᠳ ᠡᠷᠲᠡ ᠵᠠᠬ᠎ᠠ ᠳᠡᠯᠭᠡᠭᠦᠷ ᠲᠤ ᠭᠠᠷᠴᠠᠢ᠃ ᠥᠩᠭᠡᠷᠡᠭᠰᠡᠨ ᠵᠢᠯ ᠤᠳ ᠲᠠᠢ | ᠬᠠᠷᠢᠴᠠᠭᠤᠯᠪᠠᠯ ᠡᠨᠡ ᠵᠢᠯ ᠤᠨ ᠦᠨ᠎ᠡ ᠬᠠᠩᠰᠢ ᠪᠠᠰᠠ ᠨᠡᠯᠢᠶᠡᠳ ᠰᠠᠶᠢᠨ ᠪᠠᠶᠢᠨ᠎ᠠ᠂ ᠨᠢᠳᠤᠨᠤᠨ ᠠᠴᠠ ᠡᠬᠢᠯᠡᠵᠦ | ᠳᠠᠭᠠᠭᠠᠴᠢᠯᠠᠭᠤᠯᠬᠤ ᠦᠶ᠎ᠡ ᠳᠤ ᠬᠤᠶᠠᠷ ᠮᠢᠩᠭ᠎ᠠ ᠣᠷᠴᠢᠮ ᠯᠠ ᠪᠠᠶᠢᠵᠠᠶ᠃ ᠡᠨᠡ ᠵᠢᠯ ᠠᠴᠠ ᠡᠬᠢᠯᠡᠭᠡᠳ ᠭᠤᠷᠪᠠᠨ | ᠮᠢᠩᠭ᠎ᠠ᠂ ᠭᠤᠷᠪᠠᠨ ᠮᠢᠩᠭ᠎ᠠ ᠲᠠᠪᠤᠨ ᠵᠠᠭᠤ ᠬᠦᠷᠴᠦ ᠪᠠᠶᠢᠭᠰᠠᠨ ᠢᠶᠠᠨ ᠤᠳᠤ ᠲᠦᠷᠪᠡᠨ ᠮᠢᠩᠭ᠎ᠠ ᠪᠣᠯᠲᠠᠯ᠎ᠠ ᠥᠰᠴᠡᠶ᠂ | ᠲᠠᠷᠢᠶᠠᠴᠢᠳ ᠲᠤ ᠠᠪᠴᠤ ᠬᠡᠯᠡᠪᠡᠯ ᠮᠥᠨ ᠴᠦ ᠡᠯᠪᠡᠭ ᠬᠤᠷᠢᠶᠠᠯᠲᠠ ᠲᠠᠢ ᠰᠠᠶᠢᠨ ᠵᠢᠯ ᠪᠣᠯᠤᠨ᠎ᠠ᠂ ᠮᠠᠨ ᠤ | ᠤᠰᠤᠲᠤ ᠶᠢᠨ ᠤᠯᠠᠭᠠᠨ ᠯᠤᠤᠪᠠᠩ ᠤᠨ ᠲᠠᠯᠠᠪᠠᠢ ᠪᠠᠰᠠ ᠨᠡᠯᠢᠶᠡᠳ ᠶᠡᠭᠡ ᠪᠠᠶᠢᠨ᠎ᠠ᠂ ᠤᠳᠤ ᠪᠣᠯᠲᠠᠯ᠎ᠠ ᠡᠯ᠎ᠡ | ᠭᠠᠵᠠᠷ ᠤᠨ ᠬᠤᠳᠠᠯᠳᠤᠭᠠᠴᠢᠨ ᠵᠠᠯᠭᠠᠪᠡᠷ ᠤᠰᠤᠲᠤ ᠳᠤ ᠢᠷᠡᠵᠦ ᠤᠯᠠᠭᠠᠨ ᠯᠤᠤᠪᠠᠩ ᠪᠤᠯᠢᠶᠠᠯᠳᠤᠨ ᠬᠤᠳᠠᠯᠳᠤᠵᠤ | ᠪᠠᠶᠢᠨ᠎ᠠ᠂ ᠡᠨᠡ ᠵᠢᠯ ᠲᠠᠷᠢᠶᠠᠴᠢᠳ ᠪᠠᠰᠠ ᠨᠢᠭᠡᠨ ᠰᠠᠶᠢᠨ ᠬᠤᠷᠢᠶᠠᠯᠲᠠ ᠲᠠᠢ ᠵᠢᠯ ᠪᠣᠯᠬᠤ ᠶᠢ ᠬᠦᠰᠡᠵᠦ ᠪᠠᠶᠢᠨ᠎ᠠ᠃ | | | | | ᠰᠢ ᠠᠨ ᠤ ᠬᠤᠳᠠᠯᠳᠤᠭᠠᠴᠢᠨ ᠵᠧᠦ ᠸᠧᠨ ᠵᠢᠶᠦ᠋ᠨ ᠬᠡᠯᠡᠬᠦ ᠳᠡᠭᠡᠨ᠂ ᠪᠢ ᠪᠣᠯ ᠱᠠᠨᠰᠢ ᠶᠢᠨ ᠰᠢ ᠠᠨ ᠠᠴᠠ | ᠢᠷᠡᠭᠰᠡᠨ᠂ ᠨᠠᠢᠮᠠᠨ ᠰᠠᠷ᠎ᠠ ᠶᠢᠨ ᠬᠤᠷᠢᠨ ᠤ ᠡᠳᠦᠷ ᠢᠷᠡᠭᠰᠡᠨ᠂ ᠢᠷᠡᠭᠡᠳ ᠠᠷᠪᠠᠨ ᠬᠡᠳᠦᠨ ᠡᠳᠦᠷ ᠪᠣᠯᠤᠯ᠎ᠠ᠂ | ᠤᠰᠤᠲᠤ ᠠᠴᠠ ᠣᠯᠠᠭᠠᠨ ᠯᠤᠤᠪᠠᠩ ᠬᠤᠷᠢᠶᠠᠵᠤ ᠪᠠᠶᠢᠨ᠎ᠠ᠂ ᠥᠨᠥᠳᠦᠷ ᠡᠳᠦᠷ ᠠᠴᠠ ᠡᠬᠢᠯᠡᠨ᠂ ᠠᠳᠡ ᠲᠠᠪᠤ | ᠵᠢᠷᠭᠤᠭᠠᠨ ᠵᠠᠭᠤᠨ ᠮᠦ ᠭᠠᠵᠠᠷ ᠳᠠᠭᠠᠭᠠᠴᠢᠯᠠᠪᠠ᠂ ᠤᠰᠤᠲᠤ ᠶᠢᠨ ᠯᠤᠤᠪᠠᠩ ᠴᠢᠨᠠᠷ ᠰᠠᠶᠢᠲᠠᠶ᠂ ᠬᠥᠷᠥᠰᠥ ᠰᠢᠷᠣᠶ ᠨᠢ | ᠴᠦ ᠰᠠᠶᠢᠨ᠂ ᠭᠤᠣᠯᠳᠠᠭᠤ ᠰᠢ ᠠᠨ᠂ ᠰᠢᠨᠵᠢᠶᠠᠩ᠂ ᠬᠥᠬᠡᠬᠤᠲᠠ᠂ ᠪᠤᠭᠤᠲᠤ ᠳᠤ ᠶᠠᠪᠤᠭᠤᠯᠵᠤ ᠪᠠᠶᠢᠨ᠎ᠠ᠂ ᠲᠤᠰᠬᠠᠯ | ᠶᠡᠭᠡ ᠰᠠᠶᠢᠨ᠂ ᠠᠮᠲᠠ ᠰᠠᠶᠢᠲᠠᠶ᠂ ᠰᠢᠬᠢᠷᠯᠢᠭ ᠮᠥᠷᠲᠡᠭᠡᠨ ᠬᠡᠦᠷᠡᠭ ᠭᠡᠨ᠎ᠡ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠲᠤ ᠪᠠᠯᠭᠠᠰᠤ ᠡᠯᠡᠰᠦᠷᠬᠡᠭ ᠭᠠᠵᠡᠷ ᠪᠠᠶᠢᠷᠢᠯᠠᠵᠤ᠂ | ᠬᠥᠷᠥᠰᠥ ᠰᠢᠷᠣᠶ ᠶᠢᠨ ᠴᠢᠨᠠᠷ ᠵᠥᠭᠡᠯᠡᠨ᠂ ᠭᠡᠷᠡᠯ ᠤᠨ ᠲᠤᠰᠤᠯᠲᠠ ᠣᠷᠳᠣ᠂ ᠳᠤᠯᠠᠭᠠᠨ ᠤ ᠵᠥᠷᠢᠶ᠎ᠡ ᠶᠡᠭᠡ ᠪᠠᠶᠢᠵᠤ᠂ | ᠨᠡᠷᠡᠲᠡᠶ ︽ᠲᠠᠯ᠎ᠠ ᠨᠤᠲᠤᠭ ᠤᠨ ᠣᠷᠬᠤᠳᠠᠶ︾ ᠶᠢᠨ ᠤᠯᠠᠭᠠᠨ ᠯᠤᠤᠪᠠᠩ ᠤᠨ ᠲᠣᠬᠢᠷᠠᠮᠵᠢᠲᠠᠶ ᠭᠠᠵᠠᠷ ᠪᠣᠯᠤᠨ᠎ᠠ᠂ | ᠣᠯᠠᠨ ᠵᠢᠯ ᠤᠨ ᠬᠥᠭᠵᠢᠯᠲᠡ ᠪᠠᠷ ᠳᠡᠮᠵᠢᠨ᠂ ᠤᠯᠠᠭᠠᠨ ᠯᠤᠤᠪᠠᠩ ᠳᠠᠷᠢᠬᠤ ᠨᠢ ᠨᠢᠭᠡᠨᠲᠡ ᠲᠤᠬᠠᠶ ᠶᠢᠨ ᠭᠠᠵᠠᠷ ᠤᠨ | ᠲᠠᠷᠢᠶᠠᠯᠠᠩ ᠤᠨ ᠭᠠᠷᠤᠯᠲᠠ ᠪᠠ ᠣᠷᠣᠯᠭ᠎ᠠ ᠶᠢᠨ ᠨᠡᠮᠡᠭᠳᠡᠯ ᠤᠨ ᠭᠤᠣᠯ ᠠᠵᠤ ᠦᠢᠯᠡᠰ ᠤᠨ ᠨᠢᠭᠡ ᠪᠣᠯᠵᠤ᠂ | ᠦᠢᠯᠡᠳᠪᠦᠷᠢᠯᠡᠭᠰᠡᠨ ᠤᠯᠠᠭᠠᠨ ᠯᠤᠤᠪᠠᠩ ᠨᠢ ᠶᠡᠭᠡ᠂ ᠳᠡᠭᠡᠷ᠎ᠡ ᠳᠣᠣᠷ᠎ᠠ ᠨᠢ ᠵᠢᠭᠳᠡ᠂ ᠠᠷᠠᠰᠤ ᠨᠢ ᠨᠢᠮᠭᠡᠨ ᠰᠢᠬᠢᠷᠯᠢᠭ | ᠬᠡᠦᠷᠡᠭ᠂ ᠥᠩᠭᠡ ᠨᠢ ᠴᠢᠰ ᠤᠯᠠᠭᠠᠨ᠂ ᠸᠢᠲ᠋ᠠᠮᠢᠨ ᠡᠯᠪᠡᠭ ᠪᠠᠶᠢᠳᠠᠭ ᠢᠶᠠᠷ ᠢᠶᠠᠨ ᠠᠯᠳᠠᠷᠰᠢᠵᠤ᠂ ᠪᠦᠬᠦ ᠤᠯᠤᠰ ᠤᠨ | ᠡᠯ᠎ᠡ ᠭᠠᠵᠠᠷ ᠲᠤ ᠪᠣᠷᠣᠯᠠᠭᠤᠯᠤᠭᠳᠠᠵᠤ ᠪᠠᠶᠢᠨ᠎ᠠ᠃ | | | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ | ᠲᠥᠪ | ᠣᠷᠴᠢᠭᠤᠯᠣᠨᠨᠴᠢ᠄ ᠭᠧ ᠲᠣᠸᠠᠨ ᠯᠢᠶᠡᠨ | | |