| | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠶᠢᠨ ᠭᠠᠵᠡᠷ ᠤᠨ ᠪᠠᠶᠢᠴᠠ ᠣᠨᠴᠠᠭᠠᠢ᠂ ᠭᠠᠵᠠᠷ ᠰᠢᠷᠣᠶ ᠨᠢ | ᠲᠠᠴᠢᠷ ᠨᠢᠮᠭᠡᠨ ᠪᠣᠯᠪᠠᠴᠤ ᠲᠥᠮᠥᠰᠥ᠂ ᠨᠣᠬᠠᠶ ᠶᠢᠨ ᠬᠤᠰᠢᠭᠤ ᠶᠢᠨ ︽ᠰᠢᠵᠢᠷ ᠠᠯᠲᠠᠨ ᠭᠠᠷᠤᠯᠲᠠ ᠶᠢᠨ ᠣᠷᠣᠨ︾ | ᠪᠣᠯᠤᠨ᠎ᠠ᠃ | | | | | ᠨᠣᠬᠠᠢ ᠶᠢᠨ ᠬᠤᠰᠢᠭᠤ ᠪᠣᠯ ᠳᠡᠯᠡᠬᠡᠶ ᠨᠡᠶᠢᠲᠡ ᠳᠤ ᠮᠡᠳᠡᠷᠡᠭᠳᠡᠭᠰᠡᠨ ᠡᠷᠡᠭᠦᠯ ᠮᠡᠨᠳᠦ ᠶᠢᠨ ᠠᠮᠤ ᠪᠤᠳᠠᠭ᠎ᠠ ᠮᠥᠨ | ᠂ ᠬᠤᠯᠪᠣᠭᠳᠠᠯ ᠪᠥᠬᠦᠶ ᠪᠠᠶᠢᠭᠤᠯᠤᠮᠵᠢ ᠶᠢᠨ ᠲᠥᠰᠦᠭᠡᠯᠡᠨ ᠪᠤᠳᠤᠭᠰᠠᠨ ᠢᠶᠠᠷ᠂ ᠢᠷᠡᠭᠡᠳᠦᠶ ᠳᠤ ᠮᠠᠨ ᠤ ᠤᠯᠤᠰ ᠤᠨ | ᠡᠷᠡᠭᠦᠯ ᠮᠡᠨᠳᠦ ᠶᠢᠨ ᠠᠵᠤ ᠦᠶ᠋ᠯᠡᠰ ᠲᠤ ᠨᠠᠭᠠᠳᠤ ᠵᠠᠬ᠎ᠠ ᠳᠠᠭᠠᠨ 8 ᠲᠦᠮᠡᠨ ᠳ᠋ᠦᠩᠰᠢᠭᠤᠷ ᠲᠥᠭᠦᠷᠢᠭ ᠤᠨ ᠯᠤᠲᠤ | ᠶᠡᠭᠡ ᠦᠢᠯᠡᠳᠬᠦᠨ ᠤ ᠥᠷᠲᠡᠭ ᠬᠠᠳᠠᠭᠠᠯᠠᠭᠳᠠᠵᠤ ᠪᠠᠶᠢᠨ᠎ᠠ᠃ ᠣᠳᠣᠬᠠᠨ ᠳᠤ᠂ ᠬᠥᠮᠦᠰ ᠤᠨ ᠰᠢᠮ᠎ᠡ ᠲᠡᠵᠢᠭᠡᠯ᠂ | ᠡᠷᠡᠭᠦᠯ ᠮᠡᠨᠳᠦ ᠶᠢᠨ ᠬᠥᠭᠡᠭᠡᠴᠡᠯᠳᠦᠯ ᠢ ᠳᠠᠭᠠᠯᠳᠤᠨ᠂ ᠨᠣᠬᠠᠶ ᠶᠢᠨ ᠬᠤᠰᠢᠭᠤ ᠴᠤ ᠣᠯᠠᠨ ᠲᠦᠮᠡᠨᠴᠢᠯᠡᠬᠦ ᠳᠠᠰᠢ | ᠲᠦᠭᠡᠮᠡᠯᠵᠢᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨ ᠥᠪᠡᠷ ᠤᠨ ᠣᠨᠴᠠ ᠪᠠᠶᠢᠳᠠᠭ ᠨᠣᠬᠠᠶ ᠶᠢᠨ | ᠬᠤᠰᠢᠭᠤ ᠶᠢᠨ ᠰᠢᠵᠢᠷ ᠠᠯᠲᠠᠨ ᠤ ᠭᠠᠷᠤᠯᠲᠠ ᠶᠢᠨ ᠣᠷᠣᠨ ᠪᠠ ᠲᠥᠮᠥᠰᠥ ᠳᠠᠷᠢᠬᠤ ᠲᠠᠷᠢᠮᠠᠯ ᠤᠨ ᠳᠠᠪᠠᠭᠤᠯᠢᠭ ᠢ | ᠠᠳᠬᠤᠨ ᠠᠪᠴᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠵᠡᠷᠭᠡ ᠪᠠᠷ ᠲᠥᠯᠥᠪᠵᠢᠭᠦᠯᠵᠦ᠂ ᠬᠠᠭᠤᠷᠠᠶ | ᠲᠠᠷᠢᠶᠠᠯᠠᠩ ᠤᠨ ᠶᠡᠷᠦᠩᠬᠡᠶ ᠠᠰᠢᠭ ᠣᠷᠣᠯᠭ᠎ᠠ ᠶᠢ ᠳᠡᠭᠡᠭᠰᠢᠯᠡᠭᠦᠯᠦᠭᠰᠡᠨ ᠪᠠᠶᠢᠨ᠎ᠠ᠃ ᠡᠭᠦᠨ ᠤ ᠵᠡᠷᠭᠡᠴᠡᠭᠡᠪᠡᠷ᠂ ︽ | ᠵᠠᠬᠢᠶᠠᠯᠠᠭ᠎ᠠ ᠶᠢᠨ ᠲᠠᠷᠢᠶᠠᠯᠠᠩ︾ ᠢ ᠬᠥᠭᠵᠢᠭᠦᠯᠬᠦ ᠪᠠᠷ ᠳᠠᠮᠵᠢᠭᠤᠯᠤᠨ᠂ ᠲᠠᠷᠢᠮᠠᠯ ᠤᠨ ᠡᠷᠦᠭᠡ ᠳᠤ ᠴᠢᠨᠠᠷ ᠰᠠᠶᠢᠲᠠᠶ | ᠨᠣᠬᠠᠶ ᠶᠢᠨ ᠬᠤᠰᠢᠭᠤ ᠶᠢᠨ ᠦᠷ᠎ᠡ ᠶᠢ ᠬᠠᠩᠭᠠᠵᠤ᠂ ᠶᠠᠰᠤ ᠴᠢᠨᠠᠷ ᠪᠠ ᠤᠨᠠᠯᠲᠠ ᠶᠢ ᠪᠠᠲᠤᠯᠠᠭᠰᠠᠨ ᠮᠥᠷᠲᠡᠭᠡᠨ ᠪᠠᠰᠠ | ᠵᠠᠬ᠎ᠠ ᠳᠡᠯᠭᠡᠭᠦᠷ ᠤᠨ ᠦᠨ᠎ᠡ ᠠᠴᠠ ᠥᠨᠳᠥᠷ ᠦᠨ᠎ᠡ ᠪᠠᠷ ᠬᠤᠷᠢᠶᠠᠨ ᠠᠪᠴᠤ᠂ ᠲᠠᠷᠢᠶᠠᠴᠢᠳ ᠤᠨ ᠲᠠᠷᠢᠮᠠᠯ ᠤᠨ | ᠤᠨᠠᠯᠲᠠ ᠶᠢ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠶᠢᠨ ᠬᠠᠮᠲᠤ ᠲᠠᠷᠢᠮᠠᠯ ᠤᠨ ᠪᠣᠷᠣᠯᠠᠭᠤᠯᠭ᠎ᠠ ᠶᠢᠨ ᠬᠦᠴᠢᠷ | ᠠᠰᠠᠭᠤᠳᠠᠯ ᠢ ᠰᠢᠢᠳᠪᠦᠷᠢᠯᠡᠵᠡᠢ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨ ︽ᠨᠣᠬᠠᠶ ᠶᠢᠨ ᠬᠤᠰᠢᠭᠤ ᠶᠢᠨ ᠨᠤᠲᠤᠭ︾ ᠤᠨ | ᠪᠠᠶᠢᠷᠢ ᠲᠣᠭᠲᠠᠭᠠᠯᠲᠠ ᠪᠠᠷ ᠬᠥᠲᠥᠯᠦᠮᠵᠢ ᠪᠣᠯᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠷᠠᠭᠠᠯᠠᠨ᠂ | ᠬᠠᠩᠭᠠᠯᠭ᠎ᠠ ᠶᠢᠨ ᠲᠠᠯ᠎ᠠ ᠠᠴᠠ ᠬᠦᠴᠦᠯᠡᠵᠦ᠂ ᠬᠥᠲᠥᠴᠢ ᠠᠵᠤ ᠠᠬᠤᠶᠢᠯᠠᠯ ᠤᠨ ᠲᠡᠷᠢᠭᠦᠨ ᠤ ᠮᠡᠷᠭᠡᠵᠢᠯ᠂ | ᠲᠥᠬᠦᠭᠡᠷᠦᠮᠵᠢ᠂ ᠬᠠᠮᠢᠶᠠᠷᠤᠯᠲᠠ᠂ ᠡᠵᠡᠩᠨᠡᠯᠲᠡ ᠶᠢᠨ ᠵᠠᠭᠪᠤᠷ ᠢ ᠠᠰᠢᠭᠯᠠᠨ᠂ ᠤᠨᠴᠠᠯᠢᠬᠳᠤ ᠵᠠᠬ᠎ᠠ ᠳᠡᠯᠭᠡᠭᠦᠷ ᠤᠨ | ᠥᠷᠢᠰᠦᠯᠳᠦᠬᠦ ᠬᠦᠴᠦᠨ ᠢ ᠳᠡᠭᠡᠭᠰᠢᠯᠡᠭᠦᠯᠪᠡ᠃ ᠨᠡᠩ ᠴᠢᠬᠤᠯᠠ ᠨᠢ ᠥᠷᠭᠡᠨ ᠤᠯᠠᠨ ᠲᠠᠷᠢᠶᠠᠴᠢᠳ ᠢ ᠲᠠᠶᠢᠴᠢᠯᠠᠨ | ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠵᠠᠮ ᠢᠶᠠᠷ ᠵᠠᠮᠨᠠᠭᠤᠯᠬᠤ ᠶᠢᠨ ᠬᠠᠮᠲᠤ ᠪᠠᠰᠠ | ᠬᠥᠳᠡᠯᠮᠦᠷᠢ ᠶᠢᠨ ᠬᠦᠴᠦᠨ ᠤ ᠠᠵᠢᠯ ᠣᠯᠭᠤᠯᠲᠠ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠡᠳ᠋ ᠪᠠᠷᠠᠭᠠᠨ ᠤ | ᠭᠦᠢᠯᠭᠡᠭᠡ᠂ ᠢᠳᠡᠭᠡᠨ ᠤᠮᠳᠠᠭᠠᠨ᠂ ᠵᠤᠭᠠᠴᠠᠯ᠂ ᠠᠷᠠᠯᠵᠢᠶ᠎ᠠ ᠬᠤᠳᠠᠯᠳᠤᠭ᠎ᠠ ᠵᠡᠷᠭᠡ ᠨᠡᠶᠢᠭᠡᠮ ᠤᠨ ᠦᠢᠯᠡᠴᠢᠯᠡᠭᠡᠨ ᠤ | ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠶᠠᠪᠤᠴᠠ ᠳᠤ ᠪᠣᠳᠠᠲᠤ ᠦᠷ᠎ᠡ ᠪᠦᠲᠦᠮᠵᠢ ᠣᠯᠤᠭᠰᠠᠨ ᠪᠠᠶᠢᠨ᠎ᠠ᠃ | | | | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ | ᠲᠥᠪ | ᠣᠷᠴᠢᠭᠤᠯᠣᠨᠨᠴᠢ᠄ ᠭᠧ ᠲᠣᠸᠠᠨ ᠯᠢᠶᠡᠨ | | |