| | | ᠪᠦᠬᠦ ᠤᠯᠤᠰ ᠤᠨ ᠡᠯ᠎ᠡ ᠭᠠᠵᠠᠷ ᠤᠨ ᠠᠭᠠᠷ ᠤᠨ ᠳᠤᠯᠠᠭᠠᠨ ᠲᠠᠰᠤᠷᠠᠯᠲᠠ ᠥᠬᠡᠶ ᠳᠡᠭᠡᠭᠰᠢᠯᠡᠬᠦ ᠶᠢ ᠳᠠᠭᠠᠯᠳᠤᠨ | ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠢᠳᠡᠨᠰᠢᠯᠢ ᠲᠠᠯ᠎ᠠ ᠨᠤᠲᠤᠭ ᠤᠨ ᠬᠤᠩᠬᠤᠷ ᠤᠨ | ᠦᠵᠡᠮᠵᠢ ᠶᠢᠨ ᠣᠷᠣᠨ ᠨᠢ ᠥᠪᠡᠷᠮᠢᠴᠡ ᠰᠡᠷᠢᠭᠦᠨ ᠲᠠᠭᠠᠯᠠᠮᠵᠢᠲᠠᠶ ᠠᠭᠤᠷ ᠠᠮᠢᠰᠬᠤᠯ ᠪᠠ ᠭᠠᠶᠢᠬᠠᠮᠰᠢᠭᠲᠤ ᠰᠠᠶᠢᠬᠠᠨ | ᠥᠩᠭᠡ ᠦᠵᠡᠮᠵᠢ ᠪᠠᠷ ᠢᠶᠠᠨ ᠳᠥᠷᠪᠡᠨ ᠵᠦᠭ ᠨᠠᠢᠮᠠᠨ ᠵᠣᠪᠬᠢᠰ ᠤᠨ ᠵᠤᠭᠠᠴᠠᠭᠰᠠᠳ ᠤᠨ ᠰᠣᠨᠢᠷᠬᠠᠯ ᠢ ᠲᠠᠲᠠᠵᠠᠶ᠃ | ᠣᠳᠣᠬᠠᠨ ᠳᠤ᠂ ᠨᠢᠭᠡ ᠵᠢᠯ ᠤᠨ ᠳᠣᠲᠣᠷᠠᠬᠢ ᠵᠢᠭᠤᠯᠴᠢᠯᠠᠯ ᠤᠨ ᠡᠷᠡᠭᠦᠯ ᠮᠡᠨᠳᠦ ᠶᠢᠨ ᠰᠤᠪᠢᠯᠠᠯᠲᠠ ᠪᠠ ᠵᠤᠰᠠᠯᠠᠩ ᠤᠨ | ᠬᠠᠮᠤᠭ ᠤᠨ ᠰᠠᠶᠢᠨ ᠤᠯᠠᠷᠢᠯ ᠢ ᠤᠭᠲᠤᠨ ᠠᠪᠴᠢᠷᠠᠯ᠎ᠠ᠃ | | | | | ᠲᠣᠯᠣᠭᠠᠨ ᠰᠠᠷ᠎ᠠ ᠶᠢᠨ ᠬᠦᠢᠳᠡᠨᠰᠢᠯᠢ ᠶᠢᠨ ᠲᠠᠯ᠎ᠠ ᠨᠤᠲᠤᠭ ᠤᠨ ᠤᠰᠤ ᠨᠢ ᠲᠤᠩᠭᠠᠯᠠᠭ᠂ ᠣᠭᠲᠠᠷᠭᠤᠢ ᠨᠢ | ᠴᠡᠯᠮᠡᠭ᠂ ᠠᠳᠡᠬᠢ ᠦᠵᠡᠰᠬᠦᠯᠡᠩᠲᠦ ᠰᠠᠶᠢᠬᠠᠨ ᠦᠩᠭᠡ ᠦᠵᠡᠮᠵᠢ ᠪᠠ ᠲᠠᠭᠠᠯᠠᠮᠵᠢᠲᠠᠢ ᠠᠭᠤᠷ ᠠᠮᠢᠰᠬᠤᠯ ᠨᠢ ᠡᠯ᠎ᠡ | ᠭᠠᠵᠠᠷ ᠤᠨ ᠵᠤᠭᠠᠴᠠᠭᠰᠠᠳ ᠤᠨ ᠤᠯᠠᠭᠠᠨᠴᠠᠪ ᠲᠤ ᠢᠷᠡᠵᠤ ᠵᠤᠭᠠᠴᠠᠬᠤ ᠲᠡᠷᠢᠭᠦᠨ ᠰᠣᠩᠭᠤᠯᠲᠠ ᠶᠢᠨ ᠭᠠᠵᠠᠷ | ᠪᠣᠯᠤᠭᠰᠠᠨ ᠪᠠᠶᠢᠨ᠎ᠠ᠃ | | | | | ᠵᠣᠭᠤᠴᠬᠠᠴᠢ ᠼᠤᠤ ᠯᠢ ᠶᠠ᠄ ︽ᠠᠳᠡᠬᠢ ᠶᠢᠨ ᠦᠩᠭᠡ ᠦᠵᠡᠮᠵᠢ ᠮᠠᠰᠢ ᠲᠠᠭᠠᠯᠠᠮᠵᠢᠲᠠᠢ᠂ ᠣᠭᠲᠠᠷᠭᠤᠢ ᠬᠦᠬᠡ | ᠂ ᠡᠪᠡᠰᠦ ᠨᠣᠭᠤᠭᠠᠨ᠂ ᠪᠠᠰᠠ ᠶᠡᠭᠡ ᠰᠤᠷᠭᠠᠭᠤᠯᠢ ᠶᠢᠨ ᠤᠶᠤᠲᠠᠳ ᠲᠤ ᠮᠠᠰᠢ ᠤᠯᠠᠨ ᠬᠠᠷᠠᠭᠠᠯᠵᠠᠯ ᠲᠠᠢ ᠶᠤᠮ︾ | ᠭᠡᠵᠦ ᠬᠡᠯᠡᠪᠡ᠃ | | | | | ᠬᠦᠢᠳᠡᠨᠰᠢᠯᠢ ᠶᠢᠨ ᠲᠠᠯ᠎ᠠ ᠨᠤᠲᠤᠭ ᠤᠨ ᠬᠤᠩᠬᠤᠷ ᠤᠨ ᠵᠤᠭᠠᠴᠠᠯ ᠤᠨ ᠣᠷᠣᠨ ᠨᠢ ᠥᠪᠥᠷ ᠮᠣᠩᠭᠤᠯ ᠤᠨ | ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠪᠠᠶᠢᠷᠢᠯᠠᠵᠤ᠂ ᠮᠤᠨᠢ ᠠᠭᠤᠯᠠ ᠶᠢᠨ | ᠠᠷᠤ ᠨᠢᠷᠤᠭᠤ᠂ ᠳᠠᠯᠠᠨ ᠬᠠᠷ᠎ᠠ ᠠᠭᠤᠯᠠ ᠶᠢᠨ ᠵᠡᠭᠦᠨ ᠬᠡᠰᠡᠭ ᠲᠤ ᠣᠷᠣᠰᠢᠵᠤ ᠪᠠᠶᠢᠨ᠎ᠠ᠃ ᠲᠡᠯᠡᠶ ᠶᠢᠨ | ᠲᠦᠪᠰᠢᠨ ᠠᠴᠠ ᠳᠤᠮᠳᠠᠴᠢ ᠪᠠᠷ 2100 ᠮᠧᠲᠷ ᠡᠷᠭᠦᠭᠳᠡᠭᠰᠡᠨ ᠪᠥᠭᠡᠳ ᠣᠷᠴᠢᠨ ᠲᠣᠭᠤᠷᠢᠨ ᠨᠢ ᠵᠢᠷᠭᠤᠭᠠᠨ | ᠵᠠᠭᠤᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠰᠦᠷ ᠳᠠᠯᠠᠶᠢᠴᠠᠲᠠᠶ᠂ ᠠᠭᠤᠯᠠ ᠬᠠᠶᠢᠷᠬᠠᠨ ᠰᠦᠨᠳᠡᠷᠯᠡᠨ᠂ | ᠰᠣᠷᠭᠤᠭ ᠴᠡᠴᠡᠭ ᠲᠠᠯ᠎ᠠ ᠳᠦᠭᠦᠷᠡᠩ ᠪᠠᠶᠢᠵᠤ᠂ ᠳᠡᠯᠡᠬᠡᠶ ᠶᠢᠨ ᠥᠨᠳᠥᠷ ᠠᠭᠤᠯᠠ ᠶᠢᠨ ᠨᠤᠭᠤ ᠶᠢᠨ ᠲᠠᠯ᠎ᠠ ᠨᠤᠲᠤᠭ | ᠪᠣᠯᠤᠨ᠎ᠠ᠂ ᠳᠤᠮᠳᠠᠳᠤ ᠤᠯᠤᠰ ᠤᠨ ᠭᠠᠵᠠᠷ ᠤᠨ ᠲᠥᠷᠬᠦ ᠨᠢ ᠬᠠᠮᠤᠭ ᠤᠨ ᠥᠪᠡᠷᠮᠢᠴᠡ᠂ ᠦᠵᠡᠮᠵᠢ ᠪᠠᠷ ᠬᠠᠮᠤᠭ ᠤᠨ | ᠪᠠᠶᠠᠯᠢᠭ ᠶᠡᠭᠡ ᠲᠠᠯ᠎ᠠ ᠨᠤᠲᠤᠭ ᠪᠣᠯᠤᠨ᠎ᠠ᠂ ᠥᠪᠥᠷ ᠮᠣᠩᠭᠤᠯ ᠤᠨ ᠬᠠᠮᠤᠭ ᠤᠨ ᠭᠤᠶᠣ ᠰᠠᠶᠢᠬᠠᠨ ᠰᠣᠷᠭᠤᠭ | ᠴᠡᠴᠡᠭᠲᠦ ᠲᠠᠯ᠎ᠠ ᠨᠤᠲᠤᠭ ᠪᠣᠯᠤᠨ᠎ᠠ᠂ ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠬᠤᠲᠠ ᠶᠢᠨ | ᠪᠡᠶᠡᠴᠢᠯᠡᠨ ᠣᠶᠢᠯᠠᠭᠠᠬᠤ ᠣᠷᠣᠨ ᠪᠣᠯᠤᠨ᠎ᠠ᠂ ᠮᠥᠨ ᠴᠦ ᠨᠡᠶᠢᠰᠯᠡᠯ ᠪᠡᠭᠡᠵᠢᠩ ᠠᠴᠠ ᠬᠠᠮᠤᠭ ᠤᠨ ᠣᠶᠢᠷ᠎ᠠ ᠥᠪᠥᠷ | ᠮᠣᠩᠭᠤᠯ ᠤᠨ ᠲᠠᠯ᠎ᠠ ᠨᠤᠲᠤᠭ ᠪᠣᠯᠤᠨ᠎ᠠ᠃ | | | | | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ | ᠲᠥᠪ | ᠣᠷᠴᠢᠭᠤᠯᠣᠨᠨᠴᠢ᠄ ᠭᠧ ᠲᠣᠸᠠᠨ ᠯᠢᠶᠡᠨ | | |