︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ︵2022 ᠣᠨ︶︾ ᠶᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/12/15
     ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ ᠳᠤ᠄      ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ︵ᠲᠥᠷᠥ ᠶᠢᠨ ᠶᠠᠪᠣᠳᠡᠯ ᠤᠨ ᠠᠯᠪᠠᠨ ᠭᠡᠷ ᠠᠴᠠ ᠲᠠᠷᠬᠠᠭᠠᠭᠰᠠᠨ ︹ 2022 ︺ 2 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ᠤᠨ ᠪᠥᠬᠦ ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠵᠠᠰᠠᠭ  ᠲᠠᠷᠬᠠᠭᠠᠭᠰᠠᠨ ︹ 2022 ︺ 3 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2022 ᠣᠨ ᠤ ᠬᠡᠪᠯᠡᠯ︶ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2022 ︺ 19 ᠳ᠋ᠣᠭᠡᠷ ᠲᠣᠭᠠᠲᠤ︶ ᠤᠨ ᠱᠠᠭᠠᠷᠳᠠᠯᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠵᠠᠭᠠᠭ ᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠢ ᠵᠢᠷᠤᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ ᠭᠤᠤᠯᠴᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠶᠢᠨ ᠲᠦᠯᠥᠭᠡ᠂ ᠤᠯᠠᠭᠠᠨᠴᠠᠪ ᠬᠤᠲᠠ ᠶᠢᠨ ᠬᠤᠶᠠᠳᠤᠭᠠᠷ ᠳᠡᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ  ᠵᠦᠢᠯᠡᠰ ᠤᠨ ᠨᠠᠷᠢᠨ ᠲᠠᠩᠰᠠ ᠶᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ᠠᠴᠠ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠡᠮᠬᠢᠯᠡᠨ ᠨᠤᠲᠠᠯᠠᠵᠤ᠂ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ︵2022 ᠣᠨ ᠤ ᠬᠡᠪᠯᠡᠯ︶︾ ᠶᠢ ᠨᠠᠶᠢᠷᠠᠭᠤᠯᠤᠨ ᠵᠣᠬᠢᠶᠠᠵᠤ᠂ ᠨᠠᠷᠢᠨ ᠲᠠᠩᠰᠠ ᠶᠢ ᠲᠠᠨᠠᠷ ᠲᠤ ᠳᠠᠷᠤᠮᠠᠯᠯᠠᠨ ᠲᠠᠷᠬᠠᠭᠠᠬᠤ ᠶᠢᠨ ᠬᠠᠮᠲᠤ ᠳᠣᠤᠷᠠᠬᠢ ᠱᠠᠭᠠᠷᠳᠠᠯᠭ᠎ᠠ ᠶᠢ ᠳᠤᠷᠠᠳᠪᠠ᠂ ᠬᠠᠮᠲᠤ ᠳᠤᠨᠢ  ᠲᠣᠭᠤᠰᠢᠯᠠᠭᠤᠯᠤᠨ ᠬᠡᠷᠡᠭᠵᠢᠭᠦᠯᠲᠦᠭᠡᠶ᠃      ᠨᠢᠭᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠬᠡᠷᠡᠭᠵᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠴᠢᠩᠭ᠎ᠠ ᠭᠦᠢᠴᠡᠳᠭᠡᠵᠦ᠂ ᠨᠠᠷᠢᠨ ᠬᠠᠭᠤᠳᠠᠰᠤ ᠠᠴᠠ ᠭᠠᠳᠠᠨ᠎ᠠ ᠵᠠᠰᠠᠭ ᠵᠠᠬᠢᠷᠭᠠᠨ ᠤ ᠵᠥᠪᠰᠢᠶᠡᠷᠡᠯ ᠢ ᠬᠠᠤᠯᠢ ᠠᠴᠠ ᠵᠥᠷᠢᠴᠡᠨ ᠬᠡᠷᠡᠭᠵᠢᠭᠦᠯᠵᠦ ᠪᠣᠯᠬᠤ ᠥᠬᠡᠶ᠃      ᠬᠤᠶᠡᠷ᠂ ᠬᠤᠰᠢᠭᠤᠨ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠰᠢᠰᠲ᠋ᠧᠮ ᠤᠨ ᠢᠶᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠬᠤᠲᠠ ᠶᠢᠨ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠵᠣᠯᠭᠠᠭᠤᠯᠤᠨ᠂ ᠨᠢᠭᠡᠳᠦᠯᠲᠡᠶ ᠪᠠᠷᠢᠮᠵᠢᠶᠠᠵᠢᠭᠰᠠᠨ᠂ ᠵᠢᠷᠤᠮᠵᠢᠭᠰᠠᠨ᠂ ᠳᠥᠭᠦᠮᠴᠢᠯᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠦᠯᠲᠡ ᠶᠢᠨ ᠵᠢᠷᠤᠮᠵᠢᠯ ᠢ ᠪᠠᠶᠢᠭᠤᠯᠬᠤ ᠬᠡᠷᠡᠭᠲᠡᠶ᠃      ᠭᠤᠷᠪᠠ᠂ ᠡᠯ᠎ᠡ ᠬᠤᠯᠪᠣᠭᠳᠠᠯ ᠪᠥᠬᠦᠶ ᠨᠢᠭᠡᠴᠡ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯ ᠤᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠲᠣᠭᠲᠠᠭᠠᠯᠭᠠᠭᠰᠠᠨ ᠤ ᠳᠠᠷᠠᠭ᠎ᠠ ᠨᠡᠶᠢᠭᠡᠮ ᠳᠤ ᠨᠡᠶᠢᠲᠡᠯᠡᠨ᠎ᠡ᠃                      2022 ᠣᠨ ᠤ 11 ᠰᠠᠷ᠎ᠠ ᠶᠢᠨ 29 ᠤ ᠡᠳᠣᠷ       ᠬᠠᠭᠤᠯᠤᠨ ᠬᠦᠷᠭᠡᠬᠦ᠄  ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ              ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ                      2022 ᠣᠨ ᠤ 11 ᠰᠠᠷ᠎ᠠ ᠶᠢᠨ 29 ᠤ  ᠡᠳᠣᠷ         ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ        ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号