ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠄ ᠪᠢ ᠤᠯᠠᠨ ᠲᠦᠮᠡᠨ ᠳᠤ ᠪᠣᠳᠠᠲᠠᠶ ᠠᠵᠢᠯ ᠬᠢᠵᠦ ᠥᠭᠭᠦᠶ᠎ᠡ
ᠨᠡᠶᠢᠲᠡᠯᠡᠭᠰᠡᠨ ᠴᠠᠭ᠄
2022/2/15
            1 ᠰᠠᠷ᠎ᠠ ᠶᠢᠨ 28 ᠤ ᠡᠳᠦᠷ᠂ ᠨᠢᠭᠡ ᠲᠠᠯ᠎ᠠ ᠪᠠᠷ ︽ᠠᠶᠤᠯ ᠲᠦᠭᠰᠢᠭᠦᠷᠢ ᠠᠴᠠ ᠠᠪᠤᠷᠠᠬᠤ᠂ ᠦᠨᠡᠨ ᠰᠡᠳᠬᠢᠯᠭᠡ ᠠᠷᠠᠳ ᠤᠨ ᠲᠥᠯᠥᠭᠡ︾ ᠭᠡᠬᠦ ᠬᠡᠮᠡᠷᠯᠢᠭ ᠲᠤᠭ ᠪᠣᠯᠤᠨ ᠲᠠᠯᠠᠷᠬᠠᠯ ᠤᠨ ᠵᠠᠬᠢᠳᠠᠯ ᠢ ᠴᠠᠬᠠᠷ ᠤᠨ ᠪᠠᠷᠠᠭᠤᠨ ᠭᠠᠷᠤᠨ ᠲᠣᠮᠳᠡᠳᠣ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠤ ᠢᠯᠡᠭᠡᠵᠦ᠂ ᠵᠤᠭᠠᠴᠠᠨ ᠲᠣᠭᠤᠷᠢᠬᠤ ᠳᠤᠷᠠᠲᠠᠢ X ᠡᠷᠡᠭᠲᠡᠢ ᠡᠮᠦᠨ᠎ᠡ ᠬᠡᠳᠦᠨ ᠡᠳᠦᠷ ᠥᠪᠡᠷ ᠢ ᠪᠠᠨ ᠬᠠᠪᠰᠤᠷᠤᠨ ᠬᠦᠴᠢᠷᠳᠡᠯ ᠠᠴᠠ ᠠᠩᠭᠢᠵᠢᠷᠠᠭᠤᠯᠤᠭᠰᠠᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠬᠢ ᠶᠢᠨ ᠳᠠᠷᠤᠭ᠎ᠠ ᠯᠢ ᠵᠢᠶᠠᠨ ᠵᠢᠶᠦ᠋ᠨ᠂ ᠳᠡᠳ᠋ ᠲᠣᠪᠴᠢᠶᠠᠨ ᠳᠠᠷᠤᠭ᠎ᠠ  ᠲᠡᠭᠦᠰᠮᠡᠨᠳᠠ᠂ ᠶᠠᠨ ᠳ᠋ᠦᠩ᠂ ᠶᠤᠸᠠᠨ ᠵᠢᠶᠠ ᠨᠢᠩ ᠵᠡᠷᠭᠡ ᠲᠦᠷᠪᠡᠨ ᠨᠥᠬᠦᠷ ᠲᠤ ᠲᠠᠯᠠᠷᠬᠠᠯ ᠤᠨ ᠰᠡᠳᠬᠢᠯᠭᠡ ᠪᠠᠨ ᠢᠯᠡᠳᠬᠡᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠡ ᠶᠢᠨ ᠠᠪᠤᠷᠠᠨ ᠲᠤᠰᠠᠯᠠᠬᠤ ᠠᠩᠬᠢ ᠶᠢᠨ ᠴᠠᠰᠤ ᠰᠢᠭᠤᠷᠭ᠎ᠠ ᠲᠠᠢ ᠡᠳᠦᠷ ᠠᠪᠤᠷᠠᠨ ᠲᠤᠰᠠᠯᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃

    ᠣᠶᠢᠯᠠᠭᠠᠭᠰᠠᠨ ᠢᠶᠠᠷ᠂ 1 ᠰᠠᠷ᠎ᠠ ᠶᠢᠨ 24 ᠤ ᠡᠳᠦᠷ ᠤᠨ ᠣᠷᠣᠶ᠂ ᠮᠠᠨ ᠤ ᠲᠣᠪᠴᠢᠶ᠎ᠠ ᠳᠣᠲᠣᠭᠠᠳᠤ ᠶᠢ ᠬᠠᠮᠠᠭᠠᠯᠠᠬᠤ

ᠲᠣᠪᠴᠢᠶ᠎ᠠ ᠶᠢᠨ ᠵᠢᠵᠢᠭᠦᠷᠯᠡᠭᠴᠢ ᠶᠢᠨ ᠤᠲᠠᠰᠤ ᠶᠢ ᠲᠤᠰᠪᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠠᠴᠠ

ᠬᠥᠬᠡᠬᠤᠲᠠ ᠣᠷᠣᠭᠤ ᠶᠠᠪᠣᠬᠤ ᠬᠦᠢᠳᠡᠨᠰᠢᠯᠢ ᠶᠢᠨ ᠬᠡᠰᠡᠭ ᠵᠠᠮ ᠳᠤ᠂ ᠨᠢᠭᠡ ᠬᠤᠪᠢ ᠬᠥᠮᠦᠨ ᠤ ᠮᠠᠰᠢᠨ ᠲᠡᠷᠭᠡ ᠴᠠᠰᠤ

ᠰᠢᠭᠤᠷᠭᠠᠨ ᠳᠤ ᠬᠠᠰᠢᠭᠳᠠᠭᠠᠳ ᠲᠡᠷᠭᠡ ᠬᠥᠳᠡᠯᠬᠦ ᠶᠢᠨ ᠠᠷᠭ᠎ᠠ ᠥᠬᠡᠶ ᠪᠣᠯᠵᠠᠶ᠃ ᠲᠣᠪᠴᠢᠶ᠎ᠠ ᠶᠢᠨ ᠤᠳᠤᠷᠢᠳᠤᠯᠭ᠎ᠠ ᠳᠡᠭᠡᠳᠦ

ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠦᠳᠲᠡᠷ ᠲᠦᠷᠭᠡᠨ ᠪᠠᠴᠢᠮ

ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠩᠭᠢ ᠶᠢᠨ ᠭᠡᠰᠢᠭᠦᠳ ᠢ ᠳᠠᠭᠠᠭᠤᠯᠤᠨ ᠳᠠᠷᠦ᠋ᠢᠬᠠᠨ ᠠᠪᠤᠷᠠᠨ ᠲᠤᠰᠠᠯᠠᠵᠠᠶ᠃

ᠬᠡᠭᠡᠷ᠎ᠡ ᠶᠢᠨ ᠰᠠᠯᠬᠢ ᠰᠢᠭᠤᠷᠭᠠᠨ ᠳᠤ ᠠᠭᠤᠷ ᠠᠮᠢᠰᠬᠤᠯ ᠬᠦᠢᠳᠡᠨ᠂ ᠵᠠᠮ ᠤᠨ ᠬᠠᠷᠠᠭᠳᠠᠴᠠ ᠶᠢᠨ ᠬᠡᠮᠵᠢᠶ᠎ᠡ ᠳᠣᠣᠷ᠎ᠠ᠂ ᠵᠠᠮ

ᠳᠡᠭᠡᠷ᠎ᠡ ᠮᠥᠰᠥ ᠴᠠᠰᠤ ᠬᠤᠷᠠᠭᠰᠠᠨ ᠠᠴᠠ ᠠᠪᠤᠷᠠᠨ ᠲᠤᠰᠠᠯᠠᠬᠤ ᠠᠩᠭᠢ ᠶᠢᠨ ᠬᠢᠨ ᠴᠢᠷᠦᠯᠲᠡ ᠶᠢ ᠠᠰᠢᠭᠯᠠᠨ  

ᠬᠠᠰᠢᠭᠳᠠᠭᠰᠠᠨ ᠲᠡᠷᠭᠡ ᠶᠢ ᠠᠪᠤᠷᠠᠨ ᠭᠠᠷᠭᠠᠵᠤ᠂ ᠬᠠᠰᠢᠭᠳᠠᠭᠰᠠᠨ ᠬᠥᠮᠦᠨ ᠪᠣᠯᠤᠨ ᠲᠡᠷᠭᠡ ᠶᠢ ᠠᠪᠤᠷᠠᠨ ᠭᠠᠷᠭᠠᠵᠤ᠂ ᠴᠠᠬᠠᠷ

ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠣᠴᠢᠳ ᠤᠨ ᠪᠠᠭᠤᠳᠠᠯ ᠳᠤ ᠠᠮᠤᠷ ᠲᠦᠪᠰᠢᠨ ᠢᠶᠠᠷ ᠬᠠᠮᠠᠭᠠᠯᠠᠨ ᠬᠦᠷᠭᠡᠵᠦ᠂

ᠲᠤᠰ ᠤᠳᠠᠭᠠᠨ ᠤ ᠠᠪᠤᠷᠠᠨ ᠲᠤᠰᠠᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠡᠶ᠃

          ᠵᠣᠬᠢᠶ᠋ᠬᠠᠴᠢ᠄ ᠶᠠᠩ ᠢᠦᠶ ᠹᠧᠩ

         ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号