ᠪᠦᠬᠦ ᠬᠤᠰᠢᠭᠤᠨ ᠤ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢ ᠴᠡᠪᠡᠷᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠲᠤᠬᠠᠶ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2022/3/22
  ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠦᠢᠳᠡᠨᠰᠢᠯᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄    ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠤᠨ ᠵᠠᠰᠠᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ︽ᠴᠠᠭᠠᠨ ᠪᠣᠬᠢᠷᠲᠤᠯ︾ ᠢ ᠪᠦᠲᠦᠮᠵᠢᠲᠡᠶ ᠰᠡᠷᠭᠡᠶᠢᠯᠡᠨ ᠵᠠᠰᠠᠬᠤ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠣᠨ ᠠᠴᠠ ᠪᠥᠬᠦ ᠬᠤᠰᠢᠭᠤᠨ ᠤ ᠬᠡᠪᠴᠢᠶᠡᠨ ᠳᠤ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢ ᠴᠡᠪᠡᠷᠯᠡᠨ ᠵᠠᠰᠠᠬᠤ ᠠᠵᠢᠯ ᠢ ᠥᠷᠨᠢᠭᠦᠯᠬᠦ ᠪᠠᠷ ᠰᠤᠳᠤᠯᠤᠨ ᠲᠣᠭᠲᠠᠭᠠᠪᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ    ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠤᠭᠤᠳ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠮᠤ ᠰᠢᠶᠠᠩ ᠪᠠᠯᠭᠠᠰᠤ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠰᠦᠯᠢᠶᠣᠣ ᠪᠦᠷᠬᠦᠪᠴᠢ ᠶᠢ ᠢᠯᠭᠠᠷᠠᠭᠤᠯᠵᠤ ᠡᠭᠡᠭᠦᠯᠦᠨ ᠬᠤᠷᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠲᠠᠷᠢᠶᠠᠯᠠᠩ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢ ᠢᠯᠭᠠᠷᠠᠭᠤᠯᠵᠤ ᠡᠭᠡᠭᠦᠯᠦᠨ ᠬᠤᠷᠢᠶᠠᠬᠤ ᠠᠵᠢᠯ ᠢ ᠳᠥᠯᠭᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢ ᠡᠭᠡᠭᠦᠯᠦᠨ ᠬᠤᠷᠢᠶᠠᠬᠤ ᠤᠬᠠᠭᠤᠯᠭ᠎ᠠ ᠵᠢᠴᠢ ᠢᠯᠭᠠᠷᠠᠭᠤᠯᠵᠤ ᠴᠡᠭᠴᠡᠯᠡᠨ ᠵᠠᠰᠠᠬᠤ ᠠᠵᠢᠯᠯᠠᠭ᠎ᠠ ᠶᠢ ᠣᠳᠣᠬᠠᠨ ᠤ ᠠᠵᠢᠯ ᠤᠨ ᠭᠤᠤᠯᠳᠠᠯᠭ᠎ᠠ ᠪᠠᠨ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠨ᠂ ᠠᠵᠢᠯᠯᠠᠭ᠎ᠠ ᠶᠢᠨ ᠡᠭᠦᠷᠭᠡ ᠪᠠᠨ ᠨᠠᠷᠢᠯᠢᠬᠵᠢᠭᠤᠯᠵᠤ᠂ ᠴᠠᠭ ᠲᠤᠬᠠᠶ ᠳᠤᠨᠢ ᠳᠣᠭᠢᠷᠠᠭᠤᠯᠤᠨ ᠪᠠᠶᠢᠷᠢᠯᠠᠭᠤᠯᠵᠤ᠂ ᠬᠠᠮᠵᠢᠯᠴᠠᠨ ᠣᠷᠣᠯᠴᠠᠬᠤ ᠠᠵᠢᠯ ᠤᠨ ᠲᠦᠷᠢᠮ ᠢ ᠪᠠᠶᠢᠭᠤᠯᠤᠨ᠂ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃     ᠬᠤᠶᠡᠷ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠷᠠᠭᠤᠯᠬᠤ ᠬᠡᠷᠡᠭᠲᠡᠶ     ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ ᠡᠨᠡ ᠬᠦ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠵᠠᠩᠭᠢᠯᠠᠭ᠎ᠠ ᠶᠢᠨ ᠬᠤᠭᠤᠴᠠᠭ᠎ᠠ ᠶᠢ ᠰᠠᠶᠢᠲᠤᠷ ᠠᠳᠬᠤᠵᠤ᠂ ᠪᠥᠬᠦ ᠬᠤᠰᠢᠭᠤᠨ ᠤ ᠰᠦᠯᠢᠶᠣᠣ ᠪᠦᠷᠬᠦᠪᠴᠢ ᠶᠢᠨ ᠣᠷᠣᠨ ᠪᠦᠰᠡ ᠳᠤ ᠨᠢᠭᠡ ᠤᠳᠠᠭᠠᠨ ᠤ ᠲᠠᠷᠢᠶᠠᠨ ᠭᠠᠵᠠᠷ ᠤᠨ ᠦᠯᠡᠳᠡᠭᠳᠡᠯ ᠰᠦᠯᠢᠶᠣᠣ ᠪᠦᠷᠬᠦᠪᠴᠢ ᠶᠢ ᠲᠤᠰᠬᠠᠶᠢᠯᠠᠨ ᠴᠡᠪᠡᠷᠯᠡᠵᠦ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠲᠣᠰ ᠡᠳᠦᠷ ᠠᠴᠠ ᠡᠬᠢᠯᠡᠨ ᠳᠠᠷᠢᠬᠤ ᠲᠠᠷᠢᠶᠠᠴᠢᠨ ᠡᠷᠦᠬᠡ᠂ ᠰᠢᠯᠵᠢᠭᠦᠯᠦᠨ ᠨᠡᠬᠦᠬᠦ ᠲᠣᠮᠣ ᠡᠷᠦᠬᠡ᠂ ᠲᠤᠰᠬᠠᠶ ᠠᠵᠢᠯ ᠤᠨ ᠬᠤᠷᠰᠢᠶ᠎ᠠ ᠪᠠ ᠡᠭᠡᠭᠦᠯᠦᠨ ᠬᠤᠷᠢᠶᠠᠬᠤ ᠠᠵᠤ ᠠᠬᠤᠶᠢᠯᠠᠯ ᠵᠡᠷᠭᠡ ᠬᠠᠮᠲᠤᠯᠢᠭ ᠢ ᠳᠠᠶᠢᠴᠢᠯᠠᠨ ︽ᠮᠠᠰᠢᠨ ᠢᠶᠠᠷ ᠠᠵᠢᠯᠯᠠᠬᠤ + ᠬᠥᠮᠦᠨ ᠤ ᠬᠦᠴᠦ ᠪᠠᠷ ᠲᠡᠭᠦᠬᠦ︾ ᠠᠷᠭ᠎ᠠ ᠮᠠᠶ᠋ᠢᠭ ᠢ ᠠᠪᠴᠤ᠂ ᠲᠠᠷᠢᠶᠠᠨ ᠭᠠᠵᠠᠷ ᠤᠨ ᠦᠯᠡᠳᠡᠭᠳᠡᠯ ᠪᠦᠷᠬᠦᠪᠴᠢ ᠶᠢ ᠴᠡᠪᠡᠷᠯᠡᠬᠦ᠂ ᠲᠡᠭᠦᠬᠦ ᠪᠠ ᠡᠭᠡᠭᠦᠯᠦᠨ ᠬᠤᠷᠢᠶᠠᠬᠤ ᠠᠵᠢᠯ ᠢ ᠲᠣᠰᠬᠤᠨ ᠳᠠᠷᠠᠭᠠᠯᠠᠨ ᠥᠷᠨᠢᠭᠦᠯᠵᠦ᠂ ᠬᠤᠷᠢᠶᠠᠬᠤ ᠶᠣᠰᠣᠲᠠᠶ ᠶᠢ ᠨᠢ ᠪᠦᠬᠦᠨ ᠢ ᠬᠤᠷᠢᠶᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠢᠯᠭᠠᠷᠠᠭᠤᠯᠬᠤ ᠶᠠᠪᠤᠴᠠ ᠳᠤ᠂ ᠬᠠᠶᠠᠭᠳᠠᠮᠠᠯ ᠬᠠᠭᠤᠴᠢᠨ ᠲᠠᠷᠢᠶᠠᠯᠠᠩ ᠤᠨ ᠰᠦᠯᠢᠶᠣᠣ ᠪᠦᠷᠬᠦᠭᠦᠯ ᠢ ᠭᠠᠵᠠᠷ ᠲᠤ ᠭᠦᠨ ᠤᠷᠪᠠᠭᠤᠯᠤᠨ ᠣᠷᠣᠭᠤᠯᠬᠤ᠂ ᠰᠢᠲᠠᠭᠠᠵᠤ ᠪᠤᠯᠠᠬᠤ ᠶᠢ ᠴᠢᠩᠭ᠎ᠠ ᠴᠠᠭᠠᠵᠠᠯᠠᠵᠤ᠂ ᠴᠡᠪᠡᠷᠯᠡᠨ ᠬᠤᠷᠢᠶᠠᠬᠤ ᠶᠠᠰᠤ ᠴᠢᠨᠠᠷ ᠢ ᠪᠠᠲᠤᠯᠠᠨ᠂ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠯᠡᠳᠡᠭᠰᠡᠨ ᠲᠠᠷᠢᠶᠠᠯᠠᠩ ᠤᠨ ᠰᠦᠯᠢᠶᠣᠣ ᠪᠦᠷᠬᠦᠭᠦᠯ ᠢ ᠴᠡᠪᠡᠷᠯᠡᠨ ᠬᠤᠷᠢᠶᠠᠵᠤ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠷᠢᠶᠠᠵᠤ ᠳᠠᠭᠤᠰᠤᠭᠰᠠᠨ ᠤ ᠳᠠᠷᠠᠭ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠪᠠᠶᠢᠴᠠᠭᠠᠵᠤ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠵᠤ᠂ ᠬᠤᠷᠢᠶᠠᠵᠤ ᠠᠪᠤᠭᠰᠠᠨ ᠠᠵᠢᠯ ᠤᠨ ᠳ᠋ᠦᠩᠨᠡᠯᠲᠡ ᠪᠠᠨ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠦᠨ᠎ᠡ᠃     ᠭᠤᠷᠪᠡ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ     ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠤᠬᠠᠭᠤᠯᠭ᠎ᠠ ᠶᠢᠨ ᠠᠵᠢᠯᠯᠠᠭ᠎ᠠ ᠨᠢ ᠪᠥᠬᠦ ᠲᠣᠰᠬᠤᠨ ᠳᠤᠭᠤᠶᠢᠯᠠᠩ ᠢ ᠬᠠᠮᠤᠷᠬᠤ ᠬᠡᠷᠡᠭᠲᠡᠶ᠃ ᠬᠥᠳᠡᠭᠡ ᠲᠣᠰᠬᠤᠨ ᠤ ᠷᠠᠳᠢᠣ᠋ ᠨᠡᠪᠲᠡᠷᠡᠭᠦᠯᠭᠡ ᠶᠢ ᠭᠦᠢᠴᠡᠳ ᠠᠰᠢᠭᠯᠠᠨ ᠤᠬᠠᠭᠤᠯᠭ᠎ᠠ ᠥᠷᠨᠢᠭᠦᠯᠵᠦ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠤ ᠪᠣᠯᠪᠠᠰᠤᠷᠠᠭᠤᠯᠤᠯ᠂ ᠥᠨᠳᠥᠷ ᠬᠡᠪ ᠴᠢᠨᠠᠷ ᠪᠦᠬᠦᠢ ᠲᠠᠷᠢᠶᠠᠴᠢᠨ ᠤ ᠪᠣᠯᠪᠠᠰᠤᠷᠠᠭᠤᠯᠤᠯ ᠵᠡᠷᠭᠡ ᠠᠵᠢᠯᠯᠠᠭ᠎ᠠ ᠲᠠᠢ ᠤᠶᠠᠯᠳᠤᠭᠤᠯᠤᠨ ᠤᠬᠠᠭᠤᠯᠭ᠎ᠠ ᠥᠷᠨᠢᠭᠦᠯᠬᠦ ᠬᠡᠷᠡᠭᠲᠡᠶ᠃ ᠤᠬᠠᠭᠤᠯᠭ᠎ᠠ ᠶᠢᠨ ᠠᠭᠤᠯᠭ᠎ᠠ ᠳᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ᠂ ᠰᠦᠯᠢᠶᠣᠣ ᠪᠦᠷᠬᠦᠪᠴᠢ ᠶᠢᠨ ᠰᠢᠨ᠎ᠡ ᠪᠠᠷᠢᠮᠵᠢᠶ᠎ᠠ᠂ ᠰᠦᠯᠢᠶᠣᠣ ᠪᠦᠷᠬᠦᠪᠴᠢ ᠶᠢᠨ ᠦᠯᠡᠳᠡᠭᠳᠡᠯ ᠤᠨ ᠬᠤᠤᠷ ᠬᠥᠨᠥᠭᠡᠯ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠵᠠᠩᠭᠢᠯᠠᠭ᠎ᠠ ᠶᠢᠨ ᠮᠡᠷᠭᠡᠵᠢᠯ ᠵᠡᠷᠭᠡ ᠪᠠᠭᠲᠠᠨ᠎ᠠ᠃ ᠥᠷᠭᠡᠨ ᠳᠡᠯᠭᠡᠷ ᠤᠬᠠᠭᠤᠯᠭ᠎ᠠ ᠪᠠᠷ ᠳᠡᠮᠵᠢᠨ᠂ ᠥᠷᠭᠡᠨ ᠣᠯᠠᠨ ᠲᠠᠷᠢᠶᠠᠴᠢᠨ ᠪᠣᠯᠤᠨ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠪᠠᠷᠢᠮᠵᠢᠶᠠᠲᠤ ᠰᠦᠯᠢᠶᠣᠣ ᠪᠦᠷᠬᠦᠪᠴᠢ ᠶᠢ ᠬᠤᠳᠠᠯᠳᠤᠨ ᠠᠪᠬᠤ ᠪᠠ ᠬᠡᠷᠡᠭᠯᠡᠬᠦ ᠶᠢ ᠬᠥᠲᠥᠯᠥᠨ ᠵᠢᠯᠣᠭᠤᠳᠴᠤ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ  ᠦᠢᠯᠡᠳᠪᠦᠷᠢᠯᠡᠭᠴᠢᠳ᠂ ᠪᠣᠷᠣᠯᠠᠭᠤᠯᠤᠭᠴᠢᠳ ᠪᠠ ᠬᠡᠷᠡᠭᠯᠡᠭᠴᠢᠳ ᠤᠨ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠬᠠᠷᠢᠭᠤᠴᠠᠯᠭᠠᠲᠤ ᠰᠡᠳᠬᠢᠯᠭᠡ ᠪᠠ ᠰᠠᠨᠠᠭᠠᠴᠢᠯᠠᠭᠠᠲᠤ ᠴᠢᠨᠠᠷ ᠢ ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠶᠢ ᠠᠩᠬᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠵᠤ᠂ ᠢᠳᠡᠪᠬᠢᠲᠡᠶ ᠪᠠᠷ ᠡᠭᠡᠭᠦᠯᠦᠨ ᠬᠤᠷᠢᠶᠠᠬᠤ᠂ ᠪᠦᠲᠦᠮᠵᠢᠲᠡᠶ ᠠᠰᠢᠭᠯᠠᠬᠤ ᠶᠢ ᠥᠷᠭᠡᠨ ᠣᠯᠠᠨ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠦᠢᠯᠡᠳᠪᠦᠷᠢᠯᠡᠭᠴᠢᠳ᠂ ᠪᠣᠷᠣᠯᠠᠭᠤᠯᠤᠭᠴᠢᠳ ᠪᠠ ᠬᠡᠷᠡᠭᠯᠡᠭᠴᠢ ᠵᠢᠴᠢ ᠺᠠᠳ᠋ᠷ ᠣᠯᠠᠨ ᠲᠦᠮᠡᠨ ᠤ ᠤᠬᠠᠮᠰᠠᠷᠲᠤ ᠠᠵᠢᠯᠯᠠᠭ᠎ᠠ ᠪᠣᠯᠭᠠᠨ᠎ᠠ᠃      ᠲᠥᠷᠪᠡ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠬᠤ ᠬᠡᠷᠡᠭᠲᠡᠶ     ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠨᠢ ᠡᠳᠦᠷ ᠲᠤᠲᠤᠮ ᠤᠨ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠶᠢᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠴᠡᠪᠡᠷᠯᠡᠭᠰᠡᠨ ᠪᠠᠶᠢᠳᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠬᠤ ᠶᠢᠨ ᠬᠠᠮᠲᠤ ᠪᠠᠶᠢᠴᠠᠭᠠᠭᠰᠠᠨ ᠪᠠᠶᠢᠳᠠᠯ ᠢᠶᠠᠨ ᠮᠡᠳᠡᠭᠡᠯᠡᠬᠦ ᠬᠡᠷᠡᠭᠲᠡᠶ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠬᠠᠶᠠᠭᠳᠠᠮᠠᠯ ᠬᠠᠭᠤᠴᠢᠨ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢ ᠭᠦᠨ ᠭᠠᠵᠠᠷ ᠲᠤ ᠤᠷᠪᠠᠭᠤᠯᠤᠭᠰᠠᠨ᠂ ᠰᠢᠲᠠᠭᠠᠵᠤ ᠪᠤᠯᠠᠭᠰᠠᠨ ᠠᠵᠢᠯᠯᠠᠭ᠎ᠠ ᠶᠢ ᠴᠠᠭ ᠲᠤᠬᠠᠢ ᠳᠤᠨᠢ ᠱᠠᠯᠠᠪᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃                 ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ                        2022 ᠣᠨ ᠤ 2 ᠰᠠᠷ᠎ᠠ ᠶᠢᠨ 18 ᠤ ᠡᠳᠣᠷ  
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号