| ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠦᠢᠳᠡᠨᠰᠢᠯᠢ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄ | ᠮᠠᠨ ᠤ ᠬᠤᠰᠢᠭᠤᠨ ᠤ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ | ᠠᠭᠠᠷ ᠮᠠᠨᠳᠠᠯ ᠤᠨ ᠣᠷᠴᠢᠨ ᠲᠣᠭᠤᠷᠢᠨ ᠤ ᠴᠢᠨᠠᠷ ᠢ ᠰᠠᠶᠢᠵᠢᠷᠠᠭᠤᠯᠬᠤ ᠶᠢᠨ ᠲᠥᠯᠥᠭᠡ᠂ ᠡᠳᠦᠭᠡ ᠬᠤᠯᠪᠣᠭᠳᠠᠯ | ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ ᠳᠤ᠂ ᠪᠦᠭᠦ ᠬᠤᠰᠢᠭᠤᠨ ᠤ ᠬᠡᠪᠴᠢᠶᠡᠨ ᠳᠤ᠂ ᠪᠦᠭᠦ ᠴᠠᠭ ᠲᠤ᠂ ᠪᠦᠭᠦ ᠲᠠᠯ᠎ᠠ ᠪᠠᠷ ᠰᠢᠲᠠᠭᠠᠬᠤ ᠶᠢ | ᠴᠠᠭᠠᠵᠠᠯᠠᠬᠤ ᠶᠢ ᠬᠡᠷᠡᠭᠵᠢᠭᠦᠯᠵᠦ᠂ ᠶᠠᠮᠠᠷᠪᠠ ᠴᠠᠭ ᠶᠠᠮᠠᠷᠪᠠ ᠭᠠᠵᠠᠷ ᠣᠷᠣᠨ ᠳᠤ ᠴᠥᠮ ᠲᠠᠷᠢᠮᠠᠯ ᠤᠨ ᠡᠰᠢ ᠰᠦᠷᠡᠯ | ᠪᠠ ᠤᠲᠤᠭ᠎ᠠ ᠲᠣᠭᠤᠰᠣ ᠪᠤᠶᠤ ᠬᠥᠨᠥᠭᠡᠯᠲᠡᠶ ᠪᠣᠬᠢᠷᠲᠤᠯ ᠪᠣᠳᠠᠰ ᠤᠨ ᠬᠤᠭ ᠨᠣᠪᠰᠢ ᠶᠢ ᠭᠠᠳᠠᠨ᠎ᠠ ᠰᠢᠲᠠᠭᠠᠵᠤ | ᠪᠣᠯᠬᠤ ᠦᠭᠡᠢ᠃ | ᠬᠤᠶᠡᠷ ᠲᠤ᠂ ᠵᠠᠳᠠᠭᠠᠶ ᠰᠢᠲᠠᠭᠠᠬᠤ ᠶᠢ ᠴᠠᠭᠠᠵᠠᠯᠠᠭᠰᠠᠨ ᠬᠥᠨᠥᠭᠡᠯᠲᠡᠶ ᠪᠣᠳᠠᠰ ᠤᠨ ᠲᠥᠷᠥᠯ ᠵᠦᠢᠯ ᠪᠣᠯ ᠡᠯ᠎ᠡ | ᠲᠥᠷᠥᠯ ᠤᠨ ᠲᠠᠷᠢᠮᠠᠯ ᠤᠨ ᠡᠰᠢ ᠰᠦᠷᠡᠯ ᠪᠣᠯᠤᠨ᠎ᠠ᠂ ᠵᠠᠳᠠᠭᠠᠶ ᠰᠢᠲᠠᠭᠠᠬᠤ ᠳᠤ ᠤᠨᠠᠭᠰᠠᠨ ᠨᠠᠪᠴᠢ᠂ ᠬᠤᠭ ᠨᠣᠪᠰᠢ | ᠵᠡᠷᠭᠡ ᠠᠴᠠ ᠪᠣᠯᠵᠣ ᠣᠲᠤᠭ᠎ᠠ ᠲᠣᠭᠤᠰᠣ ᠪᠤᠶᠤ ᠬᠤᠤᠷ ᠬᠥᠨᠥᠭᠡᠯ ᠲᠠᠢ ᠪᠣᠬᠢᠷᠲᠤᠯ ᠪᠣᠳᠠᠰ ᠡᠭᠦᠰᠭᠡᠨ᠎ᠡ᠃ | ᠭᠤᠷᠪᠠ ᠳᠤ᠂ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠰᠢ ᠰᠦᠷᠡᠯ ᠢ ᠰᠢᠲᠠᠭᠠᠬᠤ ᠶᠢ | ᠴᠠᠭᠠᠵᠠᠯᠠᠬᠤ ᠠᠵᠢᠯ ᠤᠨ ᠤᠳᠤᠷᠢᠳᠤᠯᠭ᠎ᠠ ᠪᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠲᠣᠤᠷᠵᠢᠭᠤᠯᠤᠭᠰᠠᠨ | ᠬᠠᠮᠢᠶᠠᠷᠤᠯᠲᠠ ᠶᠢ ᠬᠡᠷᠡᠭᠵᠢᠭᠦᠯᠦᠨ᠂ 24 ᠴᠠᠭ ᠢᠶᠠᠷ ᠰᠠᠬᠢᠨ ᠰᠠᠭᠤᠬᠤ᠂ ᠵᠢᠵᠢᠭᠦᠷᠯᠡᠬᠦ᠂ ᠲᠣᠭᠤᠷᠢᠨ ᠪᠠᠶᠢᠴᠠᠭᠠᠬᠤ | ᠪᠠ ᠬᠠᠷᠠᠵᠤ ᠬᠠᠮᠢᠶᠠᠷᠬᠤ ᠶᠢ ᠬᠡᠷᠡᠭᠵᠢᠭᠦᠯᠵᠦ᠂ ᠬᠥᠮᠦᠨ ᠨᠢ ᠬᠥᠮᠦᠨ ᠢᠶᠠᠨ ᠭᠡᠲᠡᠬᠦ᠂ ᠬᠥᠮᠦᠨ ᠨᠢ ᠭᠠᠵᠠᠷ ᠢᠶᠠᠨ | ᠭᠡᠲᠡᠬᠦ᠂ ᠬᠥᠮᠦᠨ ᠨᠢ ᠡᠰᠢ ᠰᠦᠷᠡᠯ ᠢ ᠭᠡᠲᠡᠬᠦ ᠠᠷᠭ᠎ᠠ ᠮᠠᠶ᠋ᠢᠭ ᠢ ᠠᠪᠴᠤ᠂ ᠵᠠᠳᠠᠭᠠᠶ ᠰᠢᠲᠠᠭᠠᠬᠤ ᠦᠢᠯᠡ | ᠠᠵᠢᠯᠯᠠᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ | ᠲᠥᠷᠪᠡ ᠳᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠪᠦᠲᠦᠮᠵᠢᠲᠡᠶ ᠤᠬᠠᠭᠤᠯᠬᠤ | ᠬᠡᠯᠪᠡᠷᠢ ᠪᠣᠯᠤᠨ ᠤᠬᠠᠭᠤᠯᠬᠤ ᠪᠠᠭᠠᠵᠢ ᠪᠠᠷ ᠳᠠᠮᠵᠢᠭᠤᠯᠤᠨ᠂ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢ | ᠤᠬᠠᠭᠤᠯᠵᠤ᠂ ᠰᠢᠲᠠᠭᠠᠬᠤ ᠶᠢ ᠴᠠᠭᠠᠵᠠᠯᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠤᠬᠠᠭᠤᠯᠤᠨ᠎ᠠ᠃ | ᠲᠠᠷᠢᠮᠠᠯ ᠤᠨ ᠲᠣᠮᠣ ᠡᠷᠦᠬᠡ ᠳᠠᠭᠠᠭᠤᠯᠬᠤ ᠦᠢᠯᠡᠳᠣᠯ ᠢᠶᠠᠨ ᠢᠳᠡᠪᠬᠢᠲᠡᠶ ᠪᠠᠳᠠᠷᠠᠭᠤᠯᠵᠤ᠂ ᠡᠰᠢ ᠰᠦᠷᠡᠯ ᠢ | ᠰᠢᠲᠠᠭᠠᠬᠤ ᠶᠢ ᠴᠠᠭᠠᠵᠠᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠤᠬᠠᠮᠰᠠᠷ ᠠᠴᠠ ᠪᠠᠨ ᠥᠷᠨᠢᠭᠦᠯᠵᠦ᠂ ᠨᠣᠴᠣᠬᠤ | ᠴᠡᠭ ᠭᠠᠷᠭᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠲᠠᠪᠤ ᠳᠤ᠂ ᠮᠡᠳᠡᠭᠳᠡᠯ ᠢ ᠵᠥᠷᠢᠴᠡᠨ ᠡᠰᠢ ᠰᠦᠷᠡᠯ ᠢ ᠰᠢᠲᠠᠭᠠᠭᠰᠠᠨ ᠪᠠᠶᠢᠪᠠᠯ᠂ ᠬᠤᠯᠪᠣᠭᠳᠠᠯ ᠪᠥᠬᠦᠶ ᠰᠠᠯᠠᠭ᠎ᠠ | ᠮᠥᠴᠢᠷ ᠠᠴᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠠᠷᠢᠭᠤᠴᠠᠯᠭᠠᠲᠠᠨ ᠢ | ᠰᠢᠢᠳᠪᠦᠷᠢᠯᠡᠨ᠎ᠡ︔ ᠡᠰᠢ ᠰᠦᠷᠡᠯ ᠢ ᠰᠢᠲᠠᠭᠠᠭᠰᠠᠨ ᠠᠴᠠ ᠪᠣᠯᠵᠣ ᠠᠭᠠᠷ ᠮᠠᠨᠳᠠᠯ ᠤᠨ ᠪᠣᠬᠢᠷᠲᠤᠯ᠂ ᠭᠠᠯ ᠤᠨ ᠠᠶᠤᠯ | ᠵᠡᠷᠭᠡ ᠠᠳᠡᠯ ᠭᠠᠷᠴᠤ᠂ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠪᠠᠶᠢᠪᠠᠯ᠂ ᠬᠠᠤᠯᠢ ᠪᠠᠷᠢᠬᠤ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠭᠦᠯᠦᠨ᠎ᠡ᠃ | ᠵᠢᠷᠭᠤᠭ᠎ᠠ ᠳᠤ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠴᠥᠮ ᠲᠣᠭᠲᠠᠭᠠᠯ ᠠᠴᠠ ᠵᠥᠷᠢᠴᠡᠨ | ᠰᠢᠲᠠᠭᠠᠬᠤ ᠡᠯ᠎ᠡ ᠵᠦᠢᠯ ᠤᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠪᠠ ᠵᠠᠭᠠᠯᠳᠤᠵᠤ᠂ ᠡᠰᠢ ᠰᠦᠷᠡᠯ ᠢ | ᠰᠢᠲᠠᠭᠠᠬᠤ ᠶᠢ ᠴᠠᠭᠠᠵᠠᠯᠠᠬᠤ ᠪᠠ ᠶᠡᠷᠦᠩᠬᠡᠶᠢᠯᠡᠨ ᠠᠰᠢᠭᠯᠠᠬᠤ ᠳᠤ ᠠᠰᠢᠭᠲᠠᠶ ᠰᠠᠶᠢᠨ ᠰᠠᠶᠢᠬᠠᠨ ᠠᠭᠤᠷ ᠠᠮᠢᠰᠬᠤᠯ ᠢ | ᠪᠣᠶ ᠪᠣᠯᠭᠠᠬᠤ ᠡᠷᠬᠡ ᠲᠠᠢ᠃ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ | 2022 ᠣᠨ ᠤ 2 ᠰᠠᠷ᠎ᠠ ᠶᠢᠨ 10 ᠤ ᠡᠳᠣᠷ | | | ᠬᠠᠭᠤᠯᠤᠨ ᠬᠦᠷᠭᠡᠬᠦ᠄ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠤᠯᠤᠰ ᠲᠥᠷᠥ ᠶᠢᠨ ᠵᠦᠪᠯᠡᠯᠬᠡᠨ ᠤ ᠠᠯᠪᠠᠨ ᠭᠡᠷ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2022 ᠣᠨ ᠤ 2 ᠰᠠᠷ᠎ᠠ ᠶᠢᠨ 10 ᠤ ᠡᠳᠣᠷ | |