ᠲᠦᠯ ᠤᠨ ᠲᠠᠭᠤ ᠬᠠᠩᠭᠢᠨᠠᠵᠤ ᠲᠠᠯ᠎ᠠ ᠨᠤᠳᠤᠭ ᠲᠤ ᠠᠮᠢᠵᠢᠷᠠᠯ ᠤᠨ ᠬᠦᠴᠦᠨ ᠪᠢᠯᠬᠠᠨ᠎ᠠ        ᠮᠠᠨ ᠤ  ᠬᠤᠰᠢᠭᠤ  67.5 ᠲᠦᠮᠡᠨ ᠲᠤᠯᠤᠭᠠᠢ ᠲᠦᠯ ᠲ᠊
ᠨᠡᠶᠢᠲᠡᠯᠡᠭᠰᠡᠨ ᠴᠠᠭ᠄
2022/3/25
    ᠬᠠᠬᠢᠷ ᠡᠪᠦᠯ ᠤᠨ ᠬᠦᠢᠳᠡᠨ ᠠᠯᠭᠤᠷ ᠬᠤᠯᠠᠳᠠᠵᠤ᠂ ᠮᠠᠨ ᠤ ᠬᠤᠰᠢᠭᠤᠨ ᠤᠨ ᠭᠦᠷᠢᠶ᠎ᠡ ᠰᠣᠮᠣ ᠶᠢᠨ ᠮᠠᠯᠴᠢᠳ  ᠤᠨ ᠬᠠᠪᠤᠷ ᠤᠨ ᠶᠠᠭᠠᠷᠠᠯᠲᠠᠢ ᠲᠦᠯ ᠤᠨ ᠴᠠᠭ ᠪᠤᠯᠵᠤ᠂ ᠨᠢᠯᠬ᠎ᠠ ᠲᠦᠯ ᠤᠨ ᠮᠠᠶᠢᠯᠠᠭᠠᠨ ᠨᠢ ᠲᠠᠯ᠎ᠠ ᠨᠤᠳᠤᠭ ᠢ ᠴᠤᠤᠷᠢᠶᠠᠳᠠᠭᠤᠯᠵᠤ᠂ ᠮᠠᠯᠴᠢᠨ ᠲᠦᠮᠡᠨ ᠤ  ᠴᠢᠷᠠᠢ ᠳᠤ ᠪᠠᠶᠠᠷ ᠤᠨ ᠮᠦᠰᠢᠶᠡᠲᠦ ᠪᠢᠯᠬᠠᠨ᠎ᠠ᠃  

    ᠬᠦᠷᠢᠶ᠎ᠠ ᠰᠤᠮᠦᠨ ᠤ ᠲᠦᠷᠪᠡᠳᠦᠭᠡᠷ ᠭᠠᠴᠠᠭᠠᠨ ᠤ ᠮᠠᠯᠴᠢᠨ  ᠭᠠᠩᠲᠠᠮᠦᠷ ᠤᠨ ᠭᠡᠷ ᠲᠤ ᠬᠦᠷᠬᠦ ᠳᠤ᠂ ᠡᠬᠡ

 ᠶᠢᠨ ᠴᠠᠭᠠᠨ  ᠰᠦ   ᠳᠡᠭᠡᠨ ᠴᠠᠳᠤᠭᠰᠠᠨ ᠨᠢᠯᠬ᠎ᠠ ᠲᠦᠯ  ᠮᠠᠶᠢᠯᠠᠯᠳᠤᠨ ᠲᠤᠭᠯᠠᠵᠤ᠂  ᠡᠬᠡ ᠮᠠᠯ ᠲᠠᠷᠭᠤ ᠰᠠᠶᠢᠲᠠᠢ᠂

ᠨᠢᠯᠬ᠎ᠠ ᠲᠦᠯ ᠲᠤᠷᠨᠢᠭᠤᠨ ᠪᠤᠶᠢᠵᠢᠵᠤ᠂ ᠲᠡᠳᠡᠨ ᠤ ᠬᠢᠨ ᠤ ᠡᠨᠡ ᠵᠢᠯ ᠤᠨ ᠲᠦᠯ ᠤᠨ ᠤᠨᠳᠤᠷᠤᠯ ᠤᠨ ᠨᠤᠷᠮ᠎ᠠ

ᠦᠨᠳᠦᠷ ᠪᠠᠶᠢᠵᠤ᠂ ᠮᠠᠯᠴᠢᠨ ᠭᠠᠩᠳᠦᠮᠦᠷ ᠶᠠᠭᠠᠷᠠᠯᠲᠠᠢ ᠮᠦᠷᠳᠡᠭᠡᠨ ᠪᠠᠶᠠᠰᠣᠯᠲᠠᠢ ᠪᠠᠶᠢᠯ᠎ᠠ᠃

 

    ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠷᠢᠶ᠎ᠡ ᠰᠤᠮᠤᠨ ᠤ ᠳᠥᠷᠪᠡᠳᠦᠭᠡᠷ ᠭᠠᠴᠠᠭᠠᠨ ᠤ

ᠮᠠᠯᠴᠢᠨ ᠭᠠᠩᠳᠠᠮᠦᠷ ᠰᠤᠷᠪᠤᠯᠵᠢᠯᠠᠭ᠎ᠠ ᠭᠦᠯᠢᠶᠡᠬᠦ ᠳᠡᠭᠡᠨ  ᠄ ᠮᠠᠨ ᠤ ᠬᠢᠨ 200  ᠭᠠᠷᠤᠢ ᠡᠮ᠎ᠡ ᠬᠤᠨᠢ ᠲᠡᠵᠢᠭᠡᠵᠦ᠂

ᠤᠳᠤ ᠨᠢᠭᠡᠨᠲᠡ 100 ᠭᠠᠷᠤᠢ ᠬᠤᠷᠠᠭ᠎ᠠ ᠲᠣᠰᠴᠤ᠂ ᠪᠦᠬᠦᠨ ᠢ  ᠠᠮᠢᠵᠢᠷᠠᠭᠤᠯᠵᠦ ᠴᠢᠳᠠᠭᠰᠠᠨ ᠪᠠᠶᠢᠨ᠎ᠠ᠃

     

     ᠦᠢᠷ᠎ᠠ ᠶᠢᠨ ᠵᠢᠯ ᠠᠴᠠ᠂ ᠬᠦᠷᠢᠶ᠎ᠠ ᠰᠣᠮᠦ ᠨᠢ ᠮᠠᠯ ᠠᠵᠤ ᠠᠬᠤᠢ ᠶᠢ ᠮᠠᠯᠴᠢᠨ ᠲᠦᠮᠡᠨ ᠤ ᠠᠮᠢᠳᠣᠷᠠᠯ

ᠦᠢᠯᠡᠳᠪᠦᠷᠢᠯᠡᠯ ᠤᠨ ᠡᠵᠡᠩᠨᠡᠯᠳᠡ ᠶᠢᠨ  ᠬᠡᠯᠪᠡᠷᠢ ᠬᠢᠭᠡᠳ ᠣᠷᠣᠯᠭ᠎ᠠ ᠪᠠᠨ ᠨᠡᠮᠡᠭᠳᠡᠭᠦᠯᠬᠦ ᠭᠤᠤᠯᠳᠠᠯᠭ᠎ᠠ ᠲᠠᠢ ᠠᠷᠭ᠎ᠠ

ᠠᠪᠴᠢᠯ ᠪᠤᠯᠭᠠᠵᠤ᠂ ᠰᠠᠭᠤᠷᠢ ᠪᠦᠳᠦᠭᠡᠨ ᠪᠠᠶᠢᠭᠤᠯᠤᠯᠳᠠ ᠶᠢ ᠲᠠᠰᠣᠷᠠᠯᠳᠠ ᠦᠭᠡᠢ ᠪᠠᠬᠢᠵᠢᠭᠦᠯᠵᠤ᠂  ᠮᠠᠯ ᠠᠮᠢᠳᠡᠨ

 ᠤ ᠡᠪᠡᠳᠴᠢᠨ ᠬᠢᠵᠢᠭ ᠤᠨ ᠬᠢᠨᠠᠨ ᠪᠠᠶᠢᠴᠠᠭᠠᠯᠳᠠ ᠬᠢᠭᠡᠳ ᠰᠡᠷᠬᠡᠶᠢᠯᠡᠯᠳᠡ ᠶᠢ ᠴᠢᠩᠭᠠᠳᠬᠠᠵᠤ᠂ ᠲᠡᠵᠢᠭᠡᠪᠦᠷᠢ ᠶᠢᠨ

ᠡᠷᠦᠬᠡ ᠶᠢᠨ ᠦᠢᠯᠡᠳᠪᠦᠷᠢᠯᠡᠯ ᠢᠶᠠᠨ ᠨᠡᠮᠡᠭᠳᠡᠭᠦᠯᠵᠤ ᠤᠷᠤᠯᠭ᠎ᠠ ᠪᠠᠨ ᠨᠡᠮᠡᠭᠳᠡᠭᠦᠯᠬᠦ ᠶᠢ ᠪᠠᠳᠣᠯᠠᠵᠤ᠂ ᠡᠨᠡ ᠵᠢᠯ

ᠬᠦᠷᠢᠷ᠎ᠡ ᠰᠣᠮᠣᠨ ᠤ ᠲᠦᠯ ᠤᠨ ᠤᠨᠳᠤᠷᠤᠯᠳᠠ ᠶᠢᠨ ᠨᠣᠷᠮ᠎ᠠ98% ᠳᠤ ᠬᠦᠷᠦᠭᠰᠡᠨ ᠪᠠᠶᠢᠨ᠎ᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠷᠢᠶ᠎ᠡ ᠰᠤᠮᠤᠨ ᠤ ᠳᠡᠳ᠋ ᠰᠤᠮᠤᠨ ᠳᠠᠷᠤᠭ᠎ᠠ ᠸᠠᠩ

ᠵᠧᠩ ᠲᠦᠩ ᠮᠠᠨ ᠳᠤ ᠶᠠᠷᠢᠬᠤ ᠳᠠᠭᠠᠨ᠄ ᠮᠠᠯ ᠠᠵᠤ ᠠᠬᠤᠶ ᠶᠢᠨ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ

ᠪᠠᠲᠤᠯᠠᠵᠤ᠂ ᠲᠥᠯ ᠲᠤᠰᠬᠤ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠨᠢᠳᠤᠨᠤᠨ

ᠡᠪᠦᠯ ᠡᠨᠡ ᠬᠠᠪᠤᠷ ᠠᠴᠠ ᠨᠠᠰᠢ᠂ ᠪᠢᠳᠡ ᠲᠤᠰᠬᠠᠶ ᠮᠡᠷᠭᠡᠵᠢᠯ ᠤᠨ ᠠᠵᠢᠯᠲᠠᠨ ᠢ ᠢᠳᠡᠪᠬᠢᠲᠡᠶ ᠪᠠᠷ ᠵᠣᠬᠢᠶᠠᠨ

ᠪᠠᠶᠢᠭᠤᠯᠵᠤ ᠮᠠᠯᠵᠢᠬᠤ ᠡᠷᠦᠬᠡ ᠳᠤ ᠭᠦᠨᠵᠡᠭᠡᠶᠢᠷᠡᠨ ᠮᠡᠷᠭᠡᠵᠢᠯ ᠤᠨ ᠵᠢᠯᠣᠭᠤᠳᠣᠯᠭ᠎ᠠ ᠬᠢᠭᠰᠡᠨ ᠪᠥᠭᠡᠳ ᠠᠮᠢᠲᠠᠨ ᠤ

ᠬᠢᠵᠢᠭ ᠢ ᠰᠡᠷᠭᠡᠶᠢᠯᠡᠬᠦ ᠮᠡᠳᠡᠯᠭᠡ ᠶᠢ ᠤᠬᠠᠭᠤᠯᠵᠤ ᠪᠠᠶᠢᠭᠠᠳ ᠲᠥᠯ ᠲᠤᠰᠬᠤ ᠣᠷᠭᠢᠯ ᠤᠨ ᠬᠤᠭᠤᠴᠠᠭᠠᠨ ᠳᠠᠬᠢ ᠡᠬᠡ

ᠮᠠᠯ ᠪᠠ ᠲᠥᠯ ᠤᠨ ᠤᠨᠳᠤᠷᠤᠯᠲᠠ ᠶᠢᠨ ᠨᠣᠷᠮ᠎ᠠ ᠶᠢ ᠪᠠᠲᠤᠯᠠᠨ᠎ᠠ ᠭᠡᠵᠡᠶ᠃

   

     ᠲᠦᠯ ᠤᠨ ᠣᠳᠣᠷᠣᠯᠳᠠ ᠶᠢᠨ ᠨᠤᠷᠮ᠎ᠠ ᠶᠢ ᠪᠦᠬᠦ ᠲᠠᠯ᠎ᠠ ᠪᠠᠷ ᠪᠠᠳᠣᠯᠠᠬᠤ ᠶᠢ ᠲᠦᠯᠦᠭᠡ᠂ ᠮᠠᠨ ᠤ

ᠬᠤᠰᠢᠭᠤᠨ ᠤ ᠡᠯ᠎ᠡ ᠰᠣᠮᠣ ᠰᠢᠶᠠᠩ ᠪᠠᠯᠭᠠᠰᠣ ︵ᠬᠦᠷᠢᠶᠡᠯᠡᠩ ᠲᠤᠭᠤᠷᠢᠭ︶ ᠨᠢ ᠮᠠᠯ ᠠᠵᠤ ᠠᠬᠤᠢ ᠶᠢᠨ ᠲᠦᠯ

ᠲᠤᠰᠤᠬᠤ ᠠᠵᠢᠯ ᠢ ᠴᠢᠬᠤᠯᠴᠢᠯᠠᠨ ᠦᠵᠡᠵᠤ᠂ ᠡᠷᠳᠡᠯᠡᠨ ᠪᠠᠶᠢᠷᠢᠯᠠᠭᠤᠯᠵᠤ᠂ ᠲᠤᠰᠬᠠᠢ ᠮᠡᠷᠭᠡᠵᠢᠯᠳᠡᠨ ᠢ ᠲᠤᠮᠢᠯᠠᠨ

ᠲᠤᠭᠳᠠᠭᠰᠠᠨ ᠴᠠᠭ ᠬᠤᠭᠤᠴᠠᠭ᠎ᠠ ᠲᠠᠢ ᠮᠠᠯᠴᠢᠨ ᠡᠷᠦᠬᠡ ᠳᠤ ᠬᠦᠨᠵᠡᠭᠡᠶᠢᠷᠡᠨ᠂ ᠤᠬᠠᠭᠤᠯᠭ᠎ᠠ ᠶᠢᠨ ᠬᠠᠭᠤᠳᠠᠰᠦ

ᠲᠠᠷᠬᠠᠬᠤ ᠪᠠ ᠡᠮ ᠬᠦᠷᠬᠡᠭᠦ᠂ ᠮᠠᠯᠴᠢᠨ ᠲᠦᠮᠡᠨ ᠤ ᠲᠦᠯ ᠲᠤᠰᠣᠬᠤ ᠠᠵᠢᠯ ᠳᠤ ᠬᠠᠪᠰᠣᠷᠣᠯᠭ᠎ᠠ ᠦᠵᠡᠭᠦᠯᠦᠨ᠂

ᠡᠪᠡᠰᠦ ᠪᠤᠷᠳᠠᠭ᠎ᠠ ᠲᠡᠵᠢᠭᠡᠭᠦ᠂ ᠫᠧᠩ ᠬᠤᠷᠢᠶ᠎ᠠ ᠶᠢᠨ ᠪᠠᠶᠢᠭᠤᠯᠤᠯᠳᠠ  ᠂ ᠠᠷᠢᠭᠤᠳᠬᠠᠯ᠂ ᠨᠢᠯᠭ᠎ᠠ ᠲᠦᠯ ᠤᠨ

ᠲᠤᠯᠠᠭᠠᠯᠠᠯᠭ᠎ᠠ᠂ ᠲᠦᠯ ᠮᠠᠯ ᠤᠨ ᠦᠷᠭᠦᠯᠵᠢ ᠲᠤᠬᠢᠶᠠᠯᠳᠣᠳᠠᠭ ᠡᠪᠡᠳᠴᠢᠨ ᠭᠢᠵᠢᠭ ᠤᠨ ᠰᠡᠷᠭᠡᠶᠢᠯᠡᠯᠳᠡ ᠵᠡᠷᠭᠡ ᠲᠠᠯ᠎ᠠ

 ᠳᠤ ᠵᠢᠯᠤᠭᠤᠳᠣᠯᠭ᠎ᠠ ᠪᠠ ᠦᠢᠯᠡᠴᠢᠯᠡᠭᠡ ᠬᠠᠩᠭᠠᠵᠤ᠂ ᠮᠠᠶᠢᠯᠴᠢᠨ ᠲᠦᠮᠡᠨ ᠤ ᠮᠠᠯ ᠠᠵᠤ ᠠᠬᠤᠢ ᠶᠢᠨ

ᠦᠢᠯᠡᠳᠪᠦᠷᠢᠯᠡᠯ ᠤᠨ ᠶᠠᠪᠤᠴᠠ ᠳᠤ ᠪᠦᠬᠦ ᠲᠠᠯ᠎ᠠ ᠶᠢᠨ ᠮᠡᠷᠭᠡᠵᠢᠯ ᠤᠨ ᠪᠠᠳᠣᠯᠠᠭ᠎ᠠ ᠬᠠᠩᠭᠠᠵᠤ᠂ ᠡᠬᠡ ᠦᠷ᠎ᠡ   ᠤᠨ

ᠮᠡᠨᠳᠦ ᠤᠨᠳᠤᠷᠤᠬᠤ ᠶᠢ ᠪᠠᠳᠣᠯᠠᠵᠤ᠂ ᠲᠦᠯ ᠤᠨ ᠤᠨᠳᠤᠷᠤᠯᠳᠠ ᠶᠢᠨ ᠨᠣᠷᠮ᠎ᠠ ᠶᠢ ᠲᠡᠭᠡᠭᠰᠢᠯᠡᠭᠦᠯᠵᠤ᠂ ᠪᠦᠬᠦ ᠵᠢᠯ

 ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠰᠠᠭᠤᠷᠢ ᠶᠢ ᠪᠠᠳᠦ ᠪᠠᠬᠢ ᠲᠠᠯᠪᠢᠨ᠎ᠠ  ᠃  ᠤᠳᠤᠬᠠᠨ ᠪᠤᠯᠳᠠᠯ᠎ᠠ᠂

ᠨᠠᠶᠢᠳᠡ 67.5 ᠲᠦᠮᠡᠨ ᠲᠤᠯᠤᠭᠠᠢ ᠲᠦᠯ ᠲᠤᠰᠴᠤ᠂ ᠪᠤᠳᠠ ᠮᠠᠯ ᠤᠨ ᠲᠦᠯ 1.25 ᠲᠦᠮᠡᠨ ᠲᠤᠯᠤᠭᠠᠢ᠂  ᠪᠤᠭ

ᠮᠠᠯ ᠤᠨ ᠲᠦᠯ66.25 ᠲᠦᠮᠡᠨ ᠲᠤᠯᠤᠭᠠᠢ  ᠲᠤᠰᠴᠤ᠂ ᠤᠨᠳᠤᠷᠤᠯᠳᠠ ᠶᠢᠨ ᠨᠤᠷᠮ᠎ᠠ98% ᠲᠤ ᠬᠦᠷᠦᠭᠰᠡᠨ

ᠪᠠᠶᠢᠨ᠎ᠠ᠃

        ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

       ᠣᠷᠴᠢᠭᠤᠯᠣᠨᠨᠴᠢ᠄  ᠬᠠᠶᠢᠷᠬᠠᠨ

       ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号