ᠮᠠᠨ ᠤ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠣᠯᠠᠨ ᠠᠷᠭ᠎ᠠ ᠬᠡᠮᠵᠢᠶ᠎ᠡ ᠠᠪᠴᠤ᠂ ︽ᠬᠤᠶᠠᠷ ᠢ ᠭᠦᠩᠭᠡᠷᠡᠭᠦᠯᠬᠦ︾  ᠲᠦᠷᠤ ᠶᠢᠨ ᠪᠣᠳᠣᠯᠭ᠎ᠠ  ᠨᠢ ᠢᠯᠡᠳᠲᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2022/3/25

    ︽ᠬᠤᠶᠠᠷ ᠢ ᠭᠦᠩᠭᠡᠷᠡᠭᠦᠯᠬᠦ︾ ᠲᠦᠷᠤ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠡᠰᠢ᠂ ᠮᠠᠨ ᠤ  

ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠣᠯᠠᠨ ᠠᠷᠭ᠎ᠠ ᠬᠡᠮᠵᠢᠶ᠎ᠡ ᠠᠪᠴᠤ᠂   ︽ ᠬᠤᠶᠠᠷ ᠢ

ᠭᠦᠩᠭᠡᠷᠡᠭᠦᠯᠬᠦ︾  ᠲᠦᠷᠤ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠤᠨ᠂ ᠢᠯᠡᠳᠲᠡ ᠦᠷ᠎ᠡ ᠪᠦᠲᠦᠮᠵᠢ ᠣᠯᠪᠠ᠃

    ᠭᠠᠷᠠᠭ  ᠪᠦᠷᠢ  ᠶᠢᠨ ᠳᠦᠷᠪᠡᠨ ᠤ ᠦᠳᠡ ᠬᠤᠢᠨᠠᠬᠢ 5 ᠴᠠᠭ 05  ᠮᠢᠨᠦ᠋ᠲ  ᠳᠤ ᠨᠢᠳᠣᠨ ᠤ ᠡᠷᠡᠭᠦᠯ

ᠬᠠᠮᠠᠭᠠᠯᠠᠯ ᠤᠨ ᠲᠠᠮᠢᠷ ᠬᠢᠵᠦ  ᠂ ᠬᠤᠶᠠᠳᠤᠭᠠᠷ ᠳᠤᠮᠳᠠᠳᠤ  ᠰᠤᠷᠭᠠᠭᠤᠯᠢ ᠶᠢᠨ ᠰᠤᠷᠤᠭᠴᠢᠳ ᠲᠠᠪᠤ ᠭᠤᠷᠪᠠ ᠪᠠᠷ

ᠪᠦᠯᠦᠭᠯᠡᠵᠦ᠂ ᠬᠠᠨᠢ ᠪᠣᠯᠤᠯᠴᠠᠨ ᠵᠢᠭᠠᠨ ᠰᠤᠷᠭᠠᠬᠤ  ᠠᠰᠠᠷ ᠤᠨ ᠨᠢᠭᠡᠳᠦᠭᠡᠷ  ᠳᠠᠪᠬᠤᠷᠭ᠎ᠠ ᠶᠢᠨ ᠨᠡᠶᠢᠭᠡᠮ  

ᠪᠦᠯᠬᠦᠮ ᠤᠨ ᠬᠢᠴᠢᠶᠠᠯ ᠤᠨ  ᠭᠡᠷ ᠲᠤ  ᠤᠷᠤᠵᠠᠭᠠᠵᠦ᠂  ᠰᠤᠷᠭᠠᠭᠤᠯᠢ ᠳᠤ  ᠬᠢᠴᠢᠶᠠᠯ ᠤᠨ ᠭᠠᠳᠠᠨᠠᠬᠢ ᠳᠤᠷ᠎ᠠ

ᠰᠤᠨᠢᠷᠬᠠᠯ ᠤᠨ ᠣᠯᠠᠨ ᠪᠦᠯᠬᠦᠮ ᠭᠠᠷᠭᠠᠵᠤ᠂ ᠰᠤᠷᠤᠠᠠᠴᠢᠳ ᠤᠨ ᠦᠪᠡᠷ ᠤᠨ ᠳᠤᠷ᠎ᠠ ᠰᠣᠨᠢᠷᠬᠠᠯ ᠢᠶᠠᠨ ᠦᠨᠳᠦᠰᠦᠯᠡᠨ

ᠪᠡᠶ᠎ᠡ ᠪᠠᠨ ᠳᠠᠭᠠᠭᠠᠵᠤ ᠰᠣᠩᠭᠤᠯᠲᠠ ᠬᠢᠯᠭᠡᠳᠡᠭ  ᠪᠠᠶᠢᠯ᠎ᠠ᠃

    ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠩᠬ᠎ᠠ

ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ 2109 ᠠᠩᠭᠢ ᠶᠢᠨ ᠷᠧᠨ ᠯᠤ᠋ ᠬᠡᠯᠡᠬᠦ ᠳᠡᠭᠡᠨ᠄ ︽

ᠪᠢ ᠬᠠᠷᠠᠬᠠᠨ ᠪᠠᠭ᠎ᠠ ᠠᠴᠠ ᠪᠠᠨ ᠳᠠᠭᠤᠤ ᠬᠥᠭᠵᠢᠮ ᠳᠤ ᠳᠤᠷᠠᠲᠠᠶ᠂ ᠨᠠᠶᠢᠷᠠᠯ ᠳᠠᠭᠤᠤ ᠶᠢᠨ ᠨᠡᠶᠢᠭᠡᠮᠯᠢᠭ ᠲᠤ

ᠤᠷᠤᠭᠰᠠᠨ ᠪᠥᠭᠡᠳ ᠥᠪᠡᠷ ᠤᠨ ᠤᠷᠮ᠎ᠠ ᠪᠠᠬ᠎ᠠ ᠪᠠᠨ ᠴᠤ ᠬᠥᠭᠵᠢᠭᠦᠯᠵᠦ ᠴᠢᠳᠠᠳᠠᠭ᠂ ᠨᠠᠭᠠᠳᠴᠤ ᠴᠡᠩᠭᠡᠬᠦ ᠶᠢᠨ

ᠳᠠᠭᠠᠤ ᠳᠤ ᠬᠢᠴᠢᠶᠡᠯ ᠤᠨ ᠭᠠᠳᠠᠨᠠᠬᠢ ᠮᠡᠳᠡᠯᠭᠡ ᠶᠢ ᠴᠦ ᠰᠣᠷᠣᠭᠰᠠᠨ ᠶᠤᠮ᠂ ᠢᠩᠭᠢᠪᠡᠯ ᠪᠢᠳᠡ ᠨᠡᠩ ᠰᠠᠶᠢᠨ

ᠨᠠᠭᠠᠳᠴᠤ ᠨᠡᠩ ᠰᠠᠶᠢᠨ ᠰᠤᠷᠴᠤ ᠴᠢᠳᠠᠨ᠎ᠠ᠂ ᠡᠨᠡᠬᠦ ᠪᠠᠶᠠᠯᠢᠭ ᠰᠠᠶᠢᠬᠠᠨ ᠰᠤᠷᠭᠠᠭᠤᠯᠢ ᠶᠢᠨ ᠬᠦᠷᠢᠶᠡᠨ  ᠨᠢ

ᠨᠠᠳᠠ ᠳᠤ  ᠲᠤᠩ ᠶᠡᠭᠡ ᠵᠣᠯ ᠵᠢᠷᠭᠠᠯ ᠲᠠᠢ ᠪᠠᠶᠠᠷ ᠬᠥᠷ ᠲᠠᠢ ᠰᠠᠨᠠᠭᠳᠠᠵᠤ ᠪᠠᠶᠢᠨ᠎ᠠ︾  ᠭᠡᠯ᠎ᠠ᠃

    ᠰᠤᠷᠤᠠᠠᠴᠢᠳ ᠤᠨ ᠳᠤᠷ᠎ᠠ ᠰᠣᠨᠢᠷᠬᠠᠯ ᠢ ᠪᠣᠢ ᠪᠣᠯᠭᠠᠨ᠂ ᠰᠤᠷᠤᠭᠴᠢ ᠨᠢᠭᠡᠪᠦᠷᠢ ᠳᠤ ᠨᠠᠭᠠᠳᠤ ᠵᠠᠬ᠎ᠠ ᠳᠠᠭᠠᠨ

ᠨᠢᠭᠡ  ᠲᠦᠷᠦᠯ ᠤᠨ  ᠲᠠᠮᠢᠷ ᠤᠨ ᠤᠷ᠎ᠠ ᠴᠢᠳᠠᠪᠤᠷᠢ ᠂ ᠨᠢᠭᠡ ᠲᠦᠷᠤᠯ ᠤᠨ  ᠤᠷᠠᠯᠢᠭ ᠤᠨ ᠤᠷ᠎ᠠ ᠴᠢᠳᠠᠪᠤᠷᠢ ᠶᠢ  

ᠡᠵᠡᠮᠰᠢᠭᠦᠯᠬᠦ ᠶᠢᠨ ᠲᠥᠯᠥᠭᠡ᠂ ᠬᠤᠶᠠᠳᠤᠭᠠᠷ ᠳᠤᠮᠳᠠᠳᠤ ᠰᠤᠷᠭᠠᠭᠤᠯᠢ ᠨᠢ ᠭᠠᠷᠠᠭ ᠤᠨ ᠬᠤᠶᠠᠷ᠂ ᠭᠠᠷᠠᠭ ᠤᠨ

ᠳᠦᠷᠪᠡᠨ ᠤ ᠦᠳᠡ ᠶᠢᠨ ᠬᠤᠢᠨᠠᠬᠢ ᠦᠢᠯᠡᠴᠢᠯᠡᠭᠡᠨ ᠤ  ᠴᠠᠭ ᠢ ᠠᠰᠢᠭᠯᠠᠨ ᠡᠯᠪᠡᠭ ᠪᠠᠶᠠᠯᠢᠭ  ᠨᠡᠶᠢᠭᠡᠮ ᠪᠦᠯᠬᠦᠮ ᠤᠨ

ᠠᠵᠢᠯᠯᠠᠭ᠎ᠠ ᠶᠢ ᠢᠳᠡᠪᠬᠢᠲᠡᠢ ᠪᠠᠷ ᠰᠦᠪᠡᠭᠴᠢᠯᠡᠨ ᠥᠷᠨᠢᠭᠦᠯᠵᠦ᠂ ᠪᠦᠵᠢᠭ ᠤᠨ ᠪᠦᠯᠬᠦᠮ᠂ ᠪᠡᠶ᠎ᠡ  ᠲᠠᠮᠢᠷ ᠤᠨ

ᠪᠦᠯᠬᠦᠮ᠂ ᠰᠤᠷᠭᠠᠭᠤᠯᠢ ᠶᠢᠨ ᠫᠢᠩᠫᠠᠩ ᠪᠦᠮᠪᠦᠭᠡ ᠶᠢᠨ ᠠᠩᠭᠢ᠂ ᠬᠥᠯ ᠪᠦᠮᠪᠦᠭᠡ ᠶᠢᠨ ᠠᠩᠭᠢ ᠨᠢ  

ᠰᠤᠷᠤᠠᠠᠴᠢᠳ ᠤᠨ ᠲᠠᠮᠢᠷ ᠤᠨ ᠠᠪᠢᠶᠠᠰ ᠴᠢᠳᠠᠪᠤᠷᠢ ᠶᠢ ᠬᠦᠭᠵᠢᠭᠦᠯᠬᠦ ᠠᠴᠠ ᠭᠠᠳᠠᠨ᠎ᠠ ᠪᠠᠰᠠ ᠤᠳᠠᠭ᠎ᠠ ᠳᠠᠷᠠᠭᠠᠯᠠᠨ

ᠬᠤᠲᠡ ᠶᠢᠨ ᠲᠡᠰ ᠤᠨ ᠤᠷᠤᠯᠳᠣᠭᠠᠨ ᠳᠤ ᠰᠢᠯᠢᠳᠡᠭ ᠪᠦᠲᠦᠮᠵᠢ ᠣᠯᠵᠤ᠂ ᠰᠤᠷᠭᠠᠭᠤᠯᠢ ᠶᠢᠨ ᠬᠦᠳᠡᠯᠭᠡᠭᠡᠨ ᠤ ᠬᠡᠪ  

ᠰᠤᠷᠳᠠᠯ ᠢ ᠳᠠᠢᠴᠢᠯᠠᠭᠰᠠᠨ ᠪᠠᠶᠢᠨ᠎ᠠ᠃  ᠨᠠᠶᠢᠷᠠᠯ ᠳᠠᠭᠤᠤ᠂ ᠴᠠᠭᠠᠰᠤᠨ  ᠬᠠᠶᠢᠴᠢᠯᠠᠯ᠂ ᠪᠦᠲᠦᠭᠡᠯᠴᠢ ᠤᠷᠠᠨ ᠵᠢᠷᠤᠭ᠂

ᠤᠷᠠᠨ ᠪᠢᠴᠢᠯᠭᠡ᠂ ᠮᠢᠭᠮᠠᠨ ᠵᠡᠷᠭᠡ ᠨᠡᠶᠢᠭᠡᠮ ᠪᠦᠯᠬᠦᠮ ᠤᠨ ᠠᠵᠢᠯᠯᠠᠭ᠎ᠠ ᠨᠢ  ᠰᠤᠷᠤᠠᠠᠴᠢᠳ ᠤᠨ  ᠮᠡᠳᠡᠯᠭᠡ ᠶᠢ

ᠪᠠᠶᠠᠯᠢᠭᠵᠢᠭᠤᠯᠵᠤ᠂  ᠴᠢᠳᠠᠪᠤᠷᠢ ᠶᠢ ᠳᠡᠭᠡᠭᠰᠢᠯᠡᠭᠦᠯᠵᠦ᠂  ᠬᠠᠷᠠᠭᠠᠰᠤ ᠶᠢ ᠥᠷᠭᠡᠳᠬᠡᠵᠦ᠂ ᠰᠣᠷᠤᠠᠠᠴᠢᠳ ᠤᠨ

ᠥᠪᠡᠷᠮᠢᠴᠡ ᠴᠢᠨᠠᠷ ᠤᠨ ᠬᠦᠭᠵᠢᠯᠲᠡ ᠶᠢᠨ ᠱᠠᠭᠠᠷᠳᠠᠯᠭ᠎ᠠ ᠶᠢ ᠭᠦᠢᠴᠡᠳ ᠬᠠᠩᠭᠠᠭᠰᠠᠨ ᠪᠠᠶᠢᠨ᠎ᠠ᠃

     ᠬᠤᠶᠠᠳᠤᠭᠠᠷ ᠳᠤᠮᠳᠠᠳᠤ ᠰᠤᠷᠭᠠᠭᠤᠯᠢ ᠶᠢᠨ ᠶᠡᠭᠡ ᠠᠩᠭᠢ ᠶᠢᠨ ᠬᠠᠪᠰᠤᠷᠤᠨ ᠵᠢᠯᠤᠭᠤᠳᠤᠭᠴᠢ ᠯᠢ ᠯᠢᠶᠠᠨ

ᠹᠠᠩ  ᠰᠤᠷᠪᠤᠯᠵᠢᠯᠠᠭ᠎ᠠ ᠭᠦᠯᠢᠶᠡᠬᠦ ᠳᠡᠭᠡᠨ᠄ ︽ᠬᠤᠣᠰ ᠬᠥᠩᠭᠡᠯᠡᠯᠲᠡ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂

ᠮᠠᠨ ᠤ ᠰᠤᠷᠭᠠᠭᠤᠯᠢ ᠶᠢᠨ ᠰᠤᠷᠤᠭᠴᠢᠳ ᠮᠠᠰᠢ ᠰᠠᠶᠢᠨ ᠦᠷ᠎ᠡ ᠪᠦᠲᠦᠮᠵᠢ ᠣᠯᠵᠤ᠂ ᠰᠤᠷᠤᠭᠴᠢᠳ ᠤᠨ

ᠰᠤᠷᠤᠯᠭ᠎ᠠ ᠶᠢᠨ ᠳᠠᠷᠤᠭᠠᠰᠤ ᠪᠠ ᠰᠤᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ᠂ ᠮᠠᠨ ᠤ

ᠰᠤᠷᠭᠠᠭᠤᠯᠢ ᠪᠠᠶᠠᠯᠢᠭ ᠰᠠᠶᠢᠬᠠᠨ ᠨᠡᠶᠢᠭᠡᠮ ᠤᠨ ᠪᠦᠯᠬᠦᠮ ᠢ ᠥᠷᠨᠢᠭᠦᠯᠵᠦ᠂ ᠨᠡᠶᠢᠭᠡᠮ ᠤᠨ ᠪᠦᠯᠬᠦᠮ ᠤᠨ

ᠠᠵᠢᠯᠯᠠᠭ᠎ᠠ ᠨᠢ ᠰᠤᠷᠤᠭᠴᠢᠳ ᠤᠨ ᠤᠷᠭᠤᠭᠤᠯᠤᠨ ᠪᠣᠳᠣᠯᠲᠠ᠂ ᠡᠭᠦᠳᠦᠨ ᠪᠦᠲᠦᠭᠡᠬᠦ ᠴᠢᠳᠠᠪᠤᠷᠢ᠂ ᠶᠡᠷᠦᠩᠬᠡᠶ ᠬᠡᠪ

ᠴᠢᠨᠠᠷ ᠢ ᠳᠡᠭᠡᠭᠰᠢᠯᠡᠭᠦᠯᠦᠭᠰᠡᠨ ᠪᠠᠶᠢᠨ᠎ᠠ᠂ ᠡᠭᠦᠨ ᠤ ᠵᠡᠷᠭᠡ ᠳᠤ ᠬᠤᠶᠠᠷ ᠢ  ᠭᠦᠩᠭᠡᠷᠡᠭᠦᠯᠬᠦ ᠠᠵᠢᠯ ᠨᠢ ᠪᠠᠭᠰᠢ ᠨᠠᠷ ᠲᠤ

ᠴᠤ ᠯᠤᠲᠤ ᠶᠡᠭᠡ ᠰᠢᠯᠭᠠᠯᠲᠠ ᠪᠣᠯᠵᠤ᠂ ᠪᠠᠭᠰᠢ ᠨᠠᠷ ᠤᠨ ᠬᠢᠴᠢᠶᠡᠯ ᠤᠨ ᠲᠠᠩᠬᠢᠮ ᠢ ᠨᠡᠩ ᠥᠨᠳᠥᠷ ᠪᠦᠲᠦᠮᠵᠢ ᠲᠠᠢ

ᠪᠣᠯᠭᠠᠵᠤ᠂ ᠳᠠᠰᠬᠠᠯ ᠤᠨ ᠪᠠᠶᠢᠷᠢᠯᠠᠭᠤᠯᠤᠯᠲᠠ ᠶᠢ ᠴᠥᠭᠡᠬᠡᠨ ᠪᠥᠭᠡᠳ ᠨᠠᠷᠢᠯᠢᠭ ᠪᠤᠯᠭᠠᠵᠠᠢ᠂ ᠬᠤᠶᠠᠷ ᠢ  

ᠭᠦᠩᠭᠡᠷᠡᠭᠦᠯᠬᠦ ᠠᠵᠢᠯ ᠢ ᠰᠠᠶᠢᠲᠤᠷ ᠬᠢᠬᠦ ᠪᠣᠯ ᠨᠢᠭᠡᠨ ᠤᠷᠲᠤ ᠬᠤᠭᠤᠴᠠᠭᠠᠨ ᠤ ᠡᠭᠦᠷᠭᠡ ᠮᠥᠨ᠂ ᠮᠠᠨ ᠤ

ᠬᠤᠶᠢᠰᠢᠳᠠ ᠶᠢᠨ ᠵᠢᠭᠠᠨ ᠰᠤᠷᠭᠠᠬᠤ ᠠᠵᠢᠯ ᠤᠨ ᠳᠤᠮᠳᠠ ᠪᠠᠨ  ᠨᠡᠩ ᠰᠠᠶᠢᠳᠤᠷ ᠴᠢᠷᠮᠠᠶᠢᠬᠤ ᠶᠢ ᠬᠦᠰᠡᠵᠦ ᠪᠠᠶᠢᠨ᠎ᠠ︾

ᠭᠡᠵᠡᠶ᠃

    ᠬᠡᠳᠤ ᠬᠦᠨᠳᠦ  ᠳᠠᠰᠬᠠᠯ ᠤᠨ  ᠳᠠᠷᠤᠭᠠᠰᠤ ᠶᠢ ᠬᠦᠩᠭᠡᠯᠡᠬᠦ  ᠶᠢᠨ ᠬᠠᠮᠲᠤ ᠰᠤᠷᠤᠠᠠᠴᠢᠳ ᠤᠨ ᠬᠢᠷᠢ  

ᠪᠦᠳᠣᠮᠵᠢ ᠴᠤ ᠪᠠᠭᠤᠷᠠᠵᠦ ᠪᠤᠯᠠᠬᠤ ᠦᠭᠡᠢ ᠭᠡᠬᠦ ᠵᠦᠷᠢᠴᠡᠯ ᠤᠨ ᠠᠰᠠᠭᠤᠳᠠᠯ  ᠳᠤ ᠬᠠᠨᠳᠣᠭᠤᠯᠵᠦ᠂ ᠬᠤᠶᠠᠳᠤᠭᠠᠷ

ᠳᠤᠮᠳᠠᠳᠤ ᠰᠤᠷᠭᠠᠭᠤᠯᠢ ᠨᠢ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠦᠢᠯᠭᠠᠠᠠᠳᠠᠭᠤᠨ ᠢᠶᠠᠨ ᠴᠠᠭ  

ᠲᠤᠬᠠᠢ ᠳᠤᠨᠢ ᠬᠤᠪᠢᠷᠠᠭᠤᠯᠵᠤ᠂ ᠪᠠᠭᠰᠢ ᠨᠠᠷ ᠢ ᠬᠢᠴᠢᠶᠡᠯ ᠲᠦᠷᠤᠯ ᠢ ᠭᠦᠨᠵᠡᠭᠡᠢ ᠰᠤᠷᠴᠤ᠂ ᠣᠨᠣᠪᠴᠢᠲᠠᠢ ᠵᠢᠭᠠᠨ

ᠰᠤᠷᠭᠠᠬᠤ ᠶᠢ ᠱᠠᠭᠠᠷᠳᠠᠨ᠎ᠠ᠃  ᠪᠠᠭᠰᠢ ᠬᠢᠴᠢᠶᠡᠯ ᠤᠨ ᠴᠠᠭ ᠲᠤ  ᠠᠭᠤᠯᠭ᠎ᠠ  ᠢᠶᠠᠨ ᠵᠢᠭᠠᠵᠦ᠂ ᠰᠤᠷᠤᠭᠴᠢᠳ

ᠬᠢᠴᠢᠶᠡᠯ ᠳᠡᠭᠡᠷ᠎ᠡ ᠰᠠᠶᠢᠲᠤᠷ ᠡᠵᠡᠮᠰᠢᠵᠦ᠂  ᠪᠤᠯᠪᠠᠰᠤᠷᠠᠯ ᠬᠢᠵᠦ᠂  ᠪᠠᠭᠰᠢ ᠲᠡᠷᠡ ᠳᠠᠷᠤᠢ ᠳᠤᠨᠢ ︽ᠦᠨᠡᠯᠡᠬᠦ︾

ᠬᠡᠷᠡᠭᠲᠡᠢ᠂ ᠪᠤᠷᠤᠭᠤ ᠪᠠᠶᠢᠪᠠᠯ ᠲᠡᠷᠡ ᠡᠳᠦᠷ ︽ᠵᠠᠯᠠᠷᠠᠭᠤᠯᠬᠤ︾ ᠬᠡᠷᠡᠭᠲᠡᠢ᠂  ᠰᠠᠶᠢᠨ ᠦᠢᠯᠭᠠᠠᠠᠰᠡᠨ ᠦᠭᠡᠢ

ᠠᠰᠠᠭᠤᠳᠠᠯ ᠢᠶᠠᠨ  ᠡᠳᠤᠷ ᠳᠤᠨᠢ  ᠪᠠᠭᠰᠢ ᠠᠴᠠ ᠠᠰᠠᠭᠤᠵᠦ ᠦᠢᠯᠭᠠᠬᠤ ᠬᠡᠷᠡᠭᠲᠡᠢ᠃ ᠡᠴᠦᠰ ᠲᠤᠨᠢ ᠲᠤᠯᠲᠠᠯ᠎ᠠ

ᠶᠠᠷᠢᠬᠤ ᠦᠭᠡᠢ᠂  ᠬᠢᠴᠢᠶᠡᠯ ᠤᠨ ᠴᠠᠭ ᠢ ᠬᠤᠶᠢᠰᠢᠯᠠᠭᠤᠯᠬᠤ ᠦᠭᠡᠢ᠂ ᠮᠧᠬᠠᠨᠢᠭᠴᠢ ᠴᠢᠨᠠᠷ᠂ ᠳᠠᠪᠲᠠᠬᠤ ᠴᠢᠨᠠᠷ᠂

ᠬᠤᠷᠠᠮᠳᠠᠭᠤᠯᠬᠤ ᠮᠠᠶ᠋ᠢᠭ᠂ ᠴᠢᠨᠠᠭᠰᠢᠯᠠᠪᠠᠯ ᠰᠢᠢᠳᠬᠡᠬᠦ  ᠮᠠᠶ᠋ᠢᠭ ᠤᠨ ᠳᠠᠰᠬᠠᠯ ᠪᠠᠶᠢᠷᠢᠯᠠᠭᠤᠯᠬᠤ ᠦᠭᠡᠢ ᠪᠠᠶᠢᠵᠦ᠂  

ᠰᠤᠷᠤᠠᠠᠴᠢᠳ ᠢ ᠬᠢᠵᠠᠭᠠᠷ ᠲᠠᠢ ᠬᠢᠴᠢᠶᠡᠯ ᠤᠨ ᠴᠠᠭ  ᠳᠣᠲᠣᠷ᠎ᠠ ᠰᠤᠷᠤᠯᠴᠠᠬᠤ ᠠᠭᠤᠯᠭ᠎ᠠ ᠪᠠᠨ ᠥᠨᠳᠥᠷ ᠦᠷ᠎ᠡ

ᠪᠦᠳᠤᠮᠵᠢ ᠲᠠᠢ ᠪᠡᠶᠡᠯᠡᠭᠦᠯᠬᠦ ᠪᠣᠯᠭᠠᠨ᠎ᠠ᠃

    ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠬᠦ ᠴᠠᠭ ᠲᠤ᠂ ᠬᠢᠴᠢᠶᠡᠯ ᠤᠨ ᠪᠠᠭᠰᠢ ᠨᠠᠷ  

ᠰᠤᠷᠤᠠᠠᠴᠢᠳ ᠤᠨ  ᠨᠡᠶᠢᠳᠡᠮ ᠣᠷᠣᠰᠢᠵᠤ ᠪᠠᠶᠢᠭ᠎ᠠ ᠠᠰᠠᠭᠤᠳᠠᠯ  ᠂ ᠮᠠᠳᠠᠭ ᠲᠠᠢ ᠠᠰᠠᠭᠤᠯᠲᠠ ᠶᠢ ᠬᠠᠷᠢᠭᠤᠯᠵᠤ᠂

ᠠᠰᠠᠭᠤᠯᠲᠠ ᠲᠠᠯᠪᠢᠨ ᠲᠠᠢᠯᠪᠤᠷᠢᠯᠠᠵᠤ᠂ ᠰᠤᠷᠤᠠᠠᠴᠢᠳ ᠢ ᠵᠢᠯᠣᠭᠤᠳᠤᠨ ᠰᠤᠷᠭᠠᠭᠤᠯᠢ ᠶᠢᠨ ᠳᠣᠲᠣᠷ᠎ᠠ ᠶᠡᠬᠡᠩᠬᠢ  

ᠳᠠᠰᠬᠠᠯ ᠢᠶᠠᠨ  ᠪᠡᠶᠡᠯᠡᠭᠦᠯᠦᠨ᠂ ᠰᠤᠷᠤᠠᠠᠴᠢᠳ ᠤᠨ ᠠᠮᠠᠷᠠᠬᠤ ᠪᠠ ᠭᠦᠢᠴᠡᠳ ᠤᠨᠳᠠᠬᠤ ᠴᠠᠭ ᠢ ᠪᠠᠲᠤᠯᠠᠨ᠎ᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠩᠬ᠎ᠠ

ᠨᠢᠭᠡᠳᠦᠭᠡᠷ ᠣᠨ ᠤ 2110 ᠳ᠋ᠤᠭᠠᠷ ᠠᠩᠭᠢ ᠶᠢᠨ ᠰᠤᠷᠤᠭᠴᠢ ᠵᠠᠩ ᠴᠢ  ᠶᠠᠷᠢᠬᠤ ᠳᠠᠭᠠᠨ᠄  ︽ᠥᠩᠭᠡᠷᠡᠭᠰᠡᠨ ᠳᠤ

ᠪᠢᠳᠡ ᠦᠳᠡᠰᠢ ᠶᠢᠨ ᠠᠷᠪᠠᠨ ᠨᠢᠭᠡᠨ ᠴᠠᠭ  ᠭᠦᠷᠳᠡᠯ᠎ᠡ ᠳᠠᠰᠬᠠᠯ  ᠪᠠᠨ ᠭᠢᠵᠦ ᠪᠠᠶᠢᠳᠠᠭ᠂ ᠣᠲᠣ ᠰᠤᠷᠭᠠᠭᠤᠯᠢ ᠶᠢᠨ

ᠳᠠᠪᠲᠠᠯᠭ᠎ᠠ ᠳᠠᠭᠠᠨ ᠶᠡᠬᠡᠩᠬᠢ ᠳᠠᠰᠬᠠᠯ ᠢᠶᠠᠨ ᠬᠢᠵᠦ ᠳᠡᠶᠢᠯᠬᠦ ᠪᠣᠯᠤᠭᠰᠠᠨ ᠪᠥᠭᠡᠳ ᠪᠠᠭᠰᠢ  ᠪᠠᠰᠠ ᠵᠢᠯᠣᠭᠤᠳᠴᠤ

ᠳᠡᠶᠢᠯᠬᠦ ᠪᠣᠯᠤᠭᠰᠠᠨ ᠪᠣᠯᠬᠤᠷ ᠦᠷ᠎ᠡ ᠪᠦᠲᠦᠮᠵᠢ  ᠴᠦ ᠥᠩᠭᠡᠷᠡᠭᠰᠡᠨ ᠤ ᠬᠢ ᠠᠴᠠ ᠪᠠᠨ ᠬᠤᠯᠠ ᠥᠨᠳᠥᠷ ᠪᠣᠯᠵᠠᠶ︾  

ᠭᠡᠵᠦ ᠪᠠᠶᠠᠷᠳᠠᠶᠢᠬᠠᠨ  ᠶᠠᠷᠢᠯ᠎ᠠ᠃

    ᠥᠪᠥᠷ ᠮᠣᠩᠭᠤᠯ ᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠠᠳᠤᠭᠠᠷ ᠳᠤᠮᠳᠠᠳᠤ

ᠰᠤᠷᠭᠠᠭᠤᠯᠢ ᠶᠢᠨ ᠵᠠᠬᠢᠷᠤᠯ  ᠬᠤ᠋ ᠶᠤᠸᠠᠢ ᠪᠢᠶᠤᠤ ᠢᠯᠡᠷᠬᠡᠶᠢᠯᠡᠬᠦ ᠳᠡᠭᠡᠨ᠄ ︽ᠬᠤᠶᠠᠷ ᠢ ᠬᠥᠩᠭᠡᠯᠡᠬᠦ ︾ ᠶᠢ

ᠬᠡᠷᠡᠭᠵᠢᠭᠦᠯᠦᠭᠰᠡᠨ ᠠᠴᠠ ᠨᠠᠰᠢ᠂ ᠵᠣᠬᠢᠬᠤ ᠦᠷ᠎ᠡ ᠪᠦᠲᠦᠮᠵᠢ ᠣᠯᠵᠤ᠂ ᠰᠤᠷᠤᠭᠴᠢᠳ ᠤᠨ ᠳᠠᠰᠬᠠᠯ ᠤᠨ ᠳᠠᠷᠤᠭᠠᠰᠤ

ᠢᠯᠡᠳᠲᠡ ᠬᠥᠩᠭᠡᠷᠡᠵᠦ᠂ ᠤᠨᠲᠠᠬᠤ ᠴᠠᠭ ᠪᠠᠲᠤᠯᠠᠭ᠎ᠠ ᠲᠠᠢ ᠪᠣᠯᠵᠣ᠂ ᠪᠡᠶ᠎ᠡ ᠶᠢᠨ ᠲᠠᠮᠢᠷ᠂ ᠤᠷᠠᠯᠢᠭ ᠤᠨ ᠡᠯ᠎ᠡ

ᠵᠦᠢᠯ ᠤᠨ ᠨᠡᠶᠢᠭᠡᠮ ᠤᠨ ᠪᠦᠯᠬᠦᠮ ᠤᠨ ᠠᠵᠢᠯᠯᠠᠭ᠎ᠠ ᠪᠥᠬᠦ ᠲᠠᠯ᠎ᠠ ᠪᠠᠷ ᠥᠷᠨᠢᠵᠦ᠂ ᠰᠤᠷᠤᠭᠴᠢᠳ ᠤᠨ ᠳᠤᠷ᠎ᠠ

ᠰᠣᠨᠢᠷᠬᠠᠯ᠂ ᠣᠨᠴᠠ ᠴᠢᠳᠠᠪᠤᠷᠢ ᠶᠢ ᠬᠥᠮᠦᠵᠢᠭᠦᠯᠪᠡ᠃ ᠲᠠᠷᠠᠭᠠᠴᠢ ᠶᠢᠨ ᠠᠯᠬᠤᠮ ᠳᠤ᠂ ᠪᠢᠳᠡ ᠵᠢᠭᠠᠨ ᠰᠤᠷᠭᠠᠬᠤ

ᠠᠷᠭ᠎ᠠ ᠪᠠᠨ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠬᠤ ᠦᠷ᠎ᠡ

ᠪᠦᠲᠦᠮᠵᠢ ᠶᠢ ᠳᠡᠭᠡᠭᠰᠢᠯᠡᠭᠦᠯᠦᠨ᠂ ᠬᠢᠴᠢᠶᠡᠯ ᠤᠨ ᠲᠠᠩᠬᠢᠮ ᠳᠤ ᠪᠡᠶᠡᠯᠡᠭᠦᠯᠵᠦ ᠳᠡᠶᠢᠯᠬᠦ ᠶᠢ ᠨᠢ ᠶᠠᠭᠠᠬᠢᠭᠰᠠᠨ ᠴᠤ

ᠬᠢᠴᠢᠶᠡᠯ ᠤᠨ ᠭᠠᠳᠠᠨ᠎ᠠ ᠪᠠᠶᠢᠯᠭᠠᠵᠤ ᠪᠣᠯᠬᠤ ᠥᠬᠡᠶ᠂ ᠴᠠᠭ ᠭᠠᠷᠭᠠᠵᠤ ᠪᠠᠶᠢᠭᠠᠳ ᠬᠢᠴᠢᠶᠡᠯ ᠤᠨ ᠭᠠᠳᠠᠨᠠᠬᠢ

ᠬᠥᠳᠡᠯᠭᠡᠭᠡᠨ ᠢ ᠶᠡᠭᠡ ᠪᠠᠷ ᠥᠷᠨᠢᠭᠦᠯᠵᠦ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠪᠠ ᠶᠡᠷᠦᠩᠬᠡᠶ ᠬᠡᠪ

ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ  ︾ ᠭᠡᠵᠦ  ᠶᠠᠷᠢᠯ᠎ᠠ᠃

      ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

     ᠣᠷᠴᠢᠭᠤᠯᠣᠨᠨᠴᠢ᠄  ᠬᠠᠶᠢᠷᠬᠠᠨ

   

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号