ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠄ ᠪᠣᠯᠪᠠᠰᠤᠨ ᠢᠶᠠᠷ ᠳᠠᠬᠢᠯᠭ᠎ᠠ ᠬᠢᠬᠦ ᠶᠢ ᠰᠠᠨᠠᠭᠠᠴᠢᠯᠠᠵᠤ ᠪᠣᠬᠢᠷᠲᠤᠯ ᠥᠬᠡᠶ ᠬᠡᠷ ᠣᠷᠣᠨ ᠢᠶᠠᠨ ᠬᠠᠮᠲᠤ ᠪᠠᠷ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2022/4/2
    ᠬᠠᠪᠤᠷ ᠤᠨ ᠤᠯᠠᠷᠢᠯ ᠤᠨ ᠠᠭᠠᠷ ᠤᠨ ᠳᠤᠯᠠᠭᠠᠨ ᠳᠡᠭᠡᠭᠰᠢᠯᠡᠵᠦ᠂ ᠶᠡᠭᠡ ᠰᠠᠯᠬᠢ ᠲᠠᠢ ᠴᠠᠭ ᠠᠭᠤᠷ ᠣᠯᠠᠨ ᠪᠠᠶᠢᠵᠤ᠂ ᠭᠠᠯ ᠤᠨ ᠭᠠᠮᠰᠢᠭ ᠤᠨ ᠠᠳᠡᠯ ᠣᠯᠠᠨ ᠭᠠᠷᠳᠠᠭ ᠪᠥᠭᠡᠳ ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ ᠣᠶ ᠰᠢᠭᠤᠶ ᠶᠢᠨ ᠭᠠᠯ ᠰᠡᠷᠭᠡᠶᠢᠯᠡᠬᠦ ᠪᠠᠶᠢᠳᠠᠯ ᠲᠦᠢᠯ ᠤᠨ ᠬᠦᠨᠳᠦ ᠨᠣᠴᠢᠲᠠᠶ ᠪᠠᠶᠢᠨ᠎ᠠ᠃ ᠬᠠᠩᠰᠢ ᠶᠢᠨ ᠬᠤᠭᠤᠴᠠᠭᠠᠨ ᠳᠠᠬᠢ ᠣᠢ ᠰᠢᠭᠤᠶ ᠶᠢᠨ ᠲᠦᠢᠮᠡᠷ ᠢ ᠰᠡᠷᠭᠡᠶᠢᠯᠡᠬᠦ ᠠᠵᠢᠯ ᠢ ᠪᠦᠭᠦ ᠬᠦᠢᠴᠣᠠ ᠢᠶᠠᠷ ᠢᠶᠠᠨ ᠰᠠᠶᠢᠠ ᠬᠢᠵᠦ᠂ ᠰᠠᠭᠤᠭᠠᠯᠢ ᠠᠷᠠᠳ ᠤᠨ ᠪᠣᠯᠪᠠᠰᠤᠨ ᠲᠠᠬᠢᠯᠭ᠎ᠠ᠂ ᠭᠠᠯ ᠣᠢᠭᠡᠢ ᠲᠠᠬᠢᠯᠭ᠎ᠠ ᠶᠢ ᠬᠦᠲᠦᠯᠦᠨ ᠵᠢᠯᠣᠭᠤᠳᠬᠤ ᠶᠢᠨ ᠲᠤᠰᠠᠳᠠ᠂ ᠬᠤᠯᠪᠣᠭᠳᠠᠯ ᠪᠦᠭᠦᠢ ᠲᠣᠭᠲᠠᠭᠠᠯ ᠢ ᠦᠨᠳᠦᠰᠦᠯᠡᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨ ᠬᠠᠩᠰᠢ ᠶᠢᠨ ᠬᠤᠭᠤᠴᠠᠭᠠᠨ ᠳᠠᠬᠢ ᠣᠢ ᠰᠢᠭᠤᠶ ᠶᠢ ᠬᠠᠮᠠᠭᠠᠯᠠᠨ ᠲᠦᠢᠮᠡᠷ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠤᠲᠠ ᠶᠢᠨ ᠠᠷᠠᠳ ᠲᠦᠮᠡᠨ ᠢ ᠬᠦᠲᠦᠯᠦᠨ ᠵᠢᠯᠣᠭᠤᠳᠴᠤ ᠥᠪᠡᠷ ᠤᠨ  ᠭᠡᠷ ᠣᠷᠣᠨ ᠢᠶᠠᠨ ᠬᠠᠮᠲᠤ ᠪᠠᠷ ᠰᠠᠬᠢᠨ ᠬᠠᠮᠠᠭᠠᠯᠠᠬᠤ ᠶᠢ ᠰᠠᠨᠠᠭᠠᠴᠢᠯᠠᠪᠠ᠃

    ᠭᠦᠭᠡᠪᠤᠷ ᠪᠠᠯᠭᠠᠰᠤᠨ ᠤ ᠵᠡᠭᠡᠯᠢ ᠭᠤᠳᠤᠮᠵᠢ ᠶᠢᠨ ᠡᠯ᠎ᠡ ᠵᠠᠮ ᠤᠨ ᠠᠭᠤᠯᠵᠠᠷ ᠲᠤ ᠪᠦᠷ ᠣᠶ ᠰᠢᠭᠤᠶ ᠶᠢ

ᠬᠠᠮᠠᠭᠠᠯᠠᠵᠤ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠷᠠᠳᠢᠣ᠋ ᠨᠡᠪᠲᠡᠷᠡᠭᠦᠯᠭᠡ᠂ ᠤᠬᠠᠭᠤᠯᠭ᠎ᠠ ᠶᠢᠨ ᠢᠯᠡᠷᠬᠡᠶᠢᠯᠡᠯ

ᠲᠣᠬᠢᠷᠠᠭᠤᠯᠵᠤ᠂ ︽ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾᠂ ︽

ᠴᠠᠭᠠᠰᠤ ᠰᠢᠲᠠᠭᠠᠵᠤ ᠳᠠᠬᠢᠬᠤ ᠶᠢ ᠴᠢᠩᠭ᠎ᠠ ᠴᠠᠭᠠᠵᠠᠯᠠᠵᠤ᠂ ᠲᠦᠢᠮᠡᠷ ᠤᠨ ᠲᠦᠷᠦᠯ ᠢ ᠠᠭᠤᠯᠠᠨ ᠳᠤ ᠣᠷᠣᠭᠤᠯᠬᠤ ᠶᠢ

ᠴᠢᠩᠭ᠎ᠠ ᠴᠠᠭᠠᠵᠠᠯᠠᠨ᠎ᠠ︾᠂ ︽ᠬᠦᠬᠡ ᠠᠭᠤᠯᠠ ᠬᠥᠬᠡᠮᠳᠦᠭ ᠤᠰᠤ  ᠪᠣᠯ ᠠᠯᠳᠠ ᠮᠥᠩᠭᠦᠨ ᠠᠭᠤᠯᠠ︾ ᠵᠡᠷᠭᠡ

ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠣᠨᠴᠠᠭᠠᠢ ᠢᠯᠡ ᠬᠠᠷᠠᠭᠳᠠᠵᠤ᠂ ᠤᠢ ᠰᠢᠭᠤᠢ ᠶᠢ ᠬᠠᠮᠠᠭᠠᠯᠠᠵᠤ ᠲᠦᠢᠮᠡᠷ ᠢ

ᠰᠡᠷᠭᠡᠶᠢᠯᠡᠬᠦ᠂ ᠪᠣᠯᠪᠠᠰᠤᠨ ᠢᠶᠠᠷ ᠲᠠᠭᠢᠯᠭ᠎ᠠ ᠭᠢᠬᠦ᠂ ᠬᠥᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ ᠡᠭᠦᠳᠡᠨ ᠠᠴᠠ

ᠥᠷᠭᠡᠨ ᠢᠶᠠᠷ ᠤᠬᠠᠭᠤᠯᠵᠤ᠂ ᠭᠦᠨᠵᠡᠭᠡᠢ ᠤᠬᠠᠭᠤᠯᠵᠤ᠂ ᠪᠦᠬᠦ ᠵᠡᠭᠡᠯᠢ ᠭᠤᠳᠤᠮᠵᠢ ᠶᠢᠨ ᠰᠠᠭᠤᠭᠠᠯᠢ ᠠᠷᠠᠳ ᠤᠨ

ᠤᠬᠠᠮᠰᠠᠷ ᠠᠴᠠ ᠪᠠᠨ ᠲᠦᠢᠮᠡᠷ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠡᠢ᠃

 

    ᠰᠤᠷᠪᠤᠯᠵᠢᠯᠠᠭ᠎ᠠ  ᠄ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ

ᠬᠡᠷᠡᠭᠵᠢᠭᠦᠯᠬᠦ ᠲᠣᠪᠴᠢᠶᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠄  ᠶᠠᠨ ᠰᠢᠶᠤᠤ ᠢᠦᠶ

    ᠬᠠᠩᠰᠢ ᠶᠢᠨ ᠬᠤᠭᠤᠴᠠᠭᠠᠨ ᠳᠤ ᠮᠠᠨ ᠤ ᠲᠣᠪᠴᠢᠶ᠎ᠠ ᠵᠠᠮ ᠤᠨ ᠬᠡᠰᠡᠭ ᠬᠠᠷᠢᠶ᠎ᠠ ᠣᠷᠣᠨ ᠤ ᠪᠠᠨ ᠳᠠᠬᠢᠯᠭ᠎ᠠ ᠶᠢᠨ

ᠭᠠᠵᠠᠷ ᠢ ᠵᠢᠯᠣᠭᠤᠳᠤᠨ ᠬᠠᠮᠢᠶᠠᠷᠴᠤ᠂ ᠭᠤᠣᠯᠳᠠᠯᠭ᠎ᠠ ᠲᠠᠢ ᠵᠠᠮ ᠤᠨ ᠬᠡᠰᠡᠭ  ᠪᠠᠷ ᠲᠣᠭᠤᠷᠢᠨ ᠪᠠᠶᠢᠴᠠᠭᠠᠬᠤ

ᠠᠵᠢᠯ ᠤᠨ ᠡᠷᠴᠢᠮ ᠢ ᠴᠢᠩᠭᠠᠷᠠᠭᠤᠯᠵᠤ᠂ ᠰᠠᠭᠤᠭᠠᠯᠢ ᠠᠷᠠᠳ ᠢ ᠪᠣᠯᠪᠠᠰᠤᠨ ᠢᠶᠠᠷ ᠳᠠᠬᠢᠯᠭ᠎ᠠ ᠬᠢᠯᠭᠡᠬᠦ ᠪᠠᠷ ᠢᠳᠬᠠᠨ

ᠰᠠᠨᠠᠭᠤᠯᠵᠤ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠴᠡᠪᠡᠷ ᠲᠡᠭᠰᠢ ᠪᠠᠶᠢᠬᠤ ᠶᠢ ᠪᠠᠲᠤᠯᠠᠵᠤ᠂ ᠣᠯᠠᠨ

ᠲᠦᠮᠡᠨ ᠤ ᠳᠠᠬᠢᠯᠭ᠎ᠠ ᠶᠢᠨ ᠠᠵᠢᠯᠯᠠᠭ᠎ᠠ ᠶᠢᠨ ᠠᠮᠤᠷ ᠲᠦᠪᠰᠢᠨ᠂ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ᠎ᠠ᠃

 



    ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠯᠠᠨ ᠰᠠᠯᠠᠭ᠎ᠠ ᠮᠥᠴᠢᠷ ᠤᠨ ᠬᠢᠨ᠂ ᠬᠠᠩᠰᠢ ᠶᠢᠨ

ᠡᠳᠦᠷ ᠲᠤ ᠣᠯᠠᠨ ᠲᠦᠮᠡᠨ ᠰᠦᠯᠵᠢᠶᠡᠨ ᠤ ᠲᠠᠬᠢᠯᠭ᠎ᠠ᠂ ᠰᠣᠷᠭᠤᠭ ᠴᠡᠴᠡᠭ ᠤᠨ ᠲᠠᠬᠢᠯᠭ᠎ᠠ᠂ ᠠᠯᠤᠰ ᠤᠨ ᠲᠠᠬᠢᠯᠭ᠎ᠠ᠂

ᠮᠣᠳᠣ ᠳᠠᠷᠢᠵᠤ ᠳᠤᠷᠠᠰᠤᠨ ᠰᠠᠨᠠᠭᠠᠯᠵᠠᠬᠤ ᠵᠡᠷᠭᠡ ᠲᠠᠬᠢᠯᠭ᠎ᠠ ᠶᠢᠨ ᠠᠷᠭ᠎ᠠ ᠬᠡᠯᠪᠡᠷᠢ ᠵᠢᠴᠢ ᠬᠠᠮᠲᠤ ᠨᠡᠶᠢᠲᠡ ᠶᠢᠨ

ᠲᠠᠬᠢᠯᠭ᠎ᠠ᠂ ᠨᠡᠶᠢᠭᠡᠮ ᠲᠣᠭᠤᠷᠢᠭ ᠤᠨ ᠨᠡᠶᠢᠲᠡ ᠶᠢᠨ ᠲᠠᠬᠢᠯᠭ᠎ᠠ᠂ ᠬᠡᠷ ᠪᠦᠯᠢ ᠶᠢᠨ ᠳᠤᠷᠠᠳᠬᠠᠯ ᠵᠡᠷᠭᠡ ᠣᠲᠣ

ᠦᠶ᠎ᠡ ᠶᠢᠨ ᠳᠤᠷᠠᠰᠬᠠᠯ ᠤᠨ ᠠᠵᠢᠯᠯᠠᠭ᠎ᠠ ᠪᠠᠷ ᠳᠠᠮᠵᠢᠭᠤᠯᠤᠨ᠂ ᠨᠥᠭᠴᠢᠭᠰᠡᠨ ᠳᠡᠭᠡᠳᠦᠰ ᠢᠶᠠᠨ ᠮᠥᠷᠥᠭᠡᠳᠦᠨ

ᠰᠠᠨᠠᠭᠠᠯᠵᠠᠬᠤ ᠰᠡᠳᠬᠢᠯᠭᠡ ᠪᠠᠨ ᠢᠯᠡᠳᠬᠡᠵᠦ ᠪᠣᠯᠤᠨ᠎ᠠ ᠭᠡᠵᠦ ᠤᠷᠢᠶᠠᠯᠠᠵᠠᠶ᠃ ᠠᠮᠢ ᠠᠬᠤᠢ ᠶᠢᠨ ᠠᠮᠤᠷ ᠲᠦᠪᠰᠢᠨ

ᠪᠣᠯ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠨ᠎ᠠ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ

ᠠᠯᠳᠠ ᠮᠥᠩᠭᠦᠨ ᠠᠭᠤᠯᠠ ᠮᠥᠨ᠃ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠤᠯᠠᠨ ᠢᠶᠠᠷ ᠢᠶᠠᠨ

ᠰᠡᠷᠭᠡᠶᠢᠯᠡᠨ ᠤᠯᠠᠨ ᠢᠶᠠᠷ ᠢᠶᠠᠨ ᠵᠠᠰᠠᠵᠤ᠂ ᠠᠭᠤᠯᠠ ᠶᠢᠨ ᠲᠦᠢᠮᠡᠷ ᠢ ᠴᠢᠩᠭ᠎ᠠ ᠰᠡᠷᠭᠡᠶᠢᠯᠡᠵᠦ᠂ ᠤᠢ ᠰᠢᠭᠤᠢ ᠶᠢ

ᠬᠠᠮᠠᠭᠠᠯᠠᠨ᠂ ︽ᠬᠦᠬᠡ ᠴᠡᠩᠭᠡᠷ ᠣᠭᠲᠠᠷᠭᠤᠢ᠂ ᠬᠥᠬᠡᠮᠳᠦᠭ  ᠨᠤᠭᠤᠭᠠᠨ ᠠᠭᠤᠯᠠ ᠤᠰᠤ  ᠦᠨᠢᠳᠡ ᠮᠥᠩᠬᠡ

ᠣᠷᠣᠰᠢᠬᠤ︾ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠴᠣᠭᠴᠠᠯᠠᠨ ᠪᠠᠶᠢᠭᠤᠯᠤᠨ᠎ᠠ᠃

   

    ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋

ᠲᠤᠪᠴᠢᠶᠠᠨ ᠳᠠᠷᠤᠭ᠎ᠠ᠄ ᠯᠦ ᠴᠠᠩ ᠵᠧᠩ

    ᠣᠳᠣᠬᠠᠨ ᠳᠤ ᠶᠠᠭ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠬᠠᠪᠤᠷ ᠤᠨ ᠲᠠᠷᠢᠶᠠᠯᠠᠭ᠎ᠠ ᠶᠢᠨ

ᠪᠡᠯᠡᠳᠬᠡᠯ ᠪᠠ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠠᠩᠭᠢᠯᠠᠭ᠎ᠠ ᠶᠢᠨ

ᠬᠤᠭᠤᠴᠠᠭᠠᠨ ᠳᠤ ᠪᠠᠶᠢᠭ᠎ᠠ ᠪᠣᠯᠬᠤᠷ ᠰᠣᠷᠭᠤᠭ ᠴᠡᠴᠡᠭ ᠢᠶᠠᠷ ᠲᠠᠬᠢᠯᠭ᠎ᠠ ᠬᠢᠬᠦ᠂ ᠬᠡᠷ ᠪᠦᠯᠢ ᠪᠠᠷ ᠢᠶᠠᠨ ᠮᠥᠷᠥᠭᠡᠳᠦᠨ

ᠰᠠᠨᠠᠭᠠᠯᠵᠠᠬᠤ ᠵᠡᠷᠭᠡ ᠬᠡᠯᠪᠡᠷᠢ ᠪᠠᠷ ᠮᠠᠭᠤ ᠳᠠᠳᠬᠠᠯ ᠠᠴᠠ ᠪᠠᠨ ᠰᠠᠯᠵᠤ᠂ ᠪᠣᠯᠪᠠᠰᠤᠨ᠂ ᠠᠮᠤᠷ ᠲᠦᠪᠰᠢᠨ᠂ ᠡᠷᠡᠭᠦᠯ

ᠮᠡᠨᠳᠦ ᠶᠢᠨ ᠬᠡᠯᠪᠡᠷᠢ ᠪᠠᠷ ᠲᠠᠬᠢᠯᠭ᠎ᠠ ᠬᠢᠬᠦ ᠶᠢ ᠰᠠᠨᠠᠭᠠᠴᠢᠯᠠᠵᠤ᠂ ᠠᠮᠤᠷ ᠠᠮᠤᠭᠤᠯᠠᠩ᠂ ᠪᠣᠬᠢᠷᠲᠤᠯ ᠣᠢᠭᠡᠢ᠂ ᠠᠷᠪᠢᠴᠢ

ᠭᠠᠮᠲᠠᠶ᠂ ᠪᠣᠯᠪᠠᠰᠤᠨ ᠬᠠᠩᠰᠢ ᠶᠢᠨ ᠡᠳᠦᠷ ᠢ ᠬᠠᠮᠲᠤ ᠪᠠᠷ ᠥᠩᠭᠡᠷᠡᠭᠦᠯᠬᠦ ᠶᠢ ᠰᠠᠨᠠᠭᠠᠴᠢᠯᠠᠵᠦ ᠪᠠᠶᠢᠨ᠎ᠠ ᠭᠡᠵᠡᠢ᠃

         ᠰᠣᠷᠪᠣᠯᠵᠢᠯᠬᠠᠴᠢ  ᠄ ᠡᠦ ᠶᠠᠨ ᠶᠠᠨ    

        ᠣᠷᠴᠢᠭᠤᠯᠣᠨᠨᠴᠢ᠄  ᠬᠠᠶᠢᠷᠬᠠᠨ

        ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号