ᠬᠤᠷᠣᠭᠤᠨ ᠣᠷᠣᠮ ᠤᠨ ᠰᠢᠨ᠎ᠡ ᠨᠢᠭᠤᠴᠠ ᠶᠢ ᠢᠯᠡᠷᠡᠬᠦᠯᠪᠡ
ᠨᠡᠶᠢᠲᠡᠯᠡᠭᠰᠡᠨ ᠴᠠᠭ᠄
2022/4/28
                         ᠣᠶᠢᠷ᠎ᠠ ᠳᠤ᠂ ᠮᠠᠨ ᠤ ᠤᠯᠤᠰ ᠤᠨ ᠰᠢᠨᠵᠢᠯᠡᠬᠦ ᠤᠬᠠᠭᠠᠨᠲᠠᠳ ᠤᠨ ᠲᠠᠭᠠᠭᠤᠯᠣᠨ ᠬᠢᠭᠰᠡᠨ ᠣᠯᠠᠨ ᠤᠯᠤᠰ ᠤᠨ ᠨᠢᠭᠡᠨ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠬᠥᠮᠦᠨ ᠲᠥᠷᠥᠯᠬᠢᠲᠡᠨ ᠤ ᠬᠤᠷᠤᠭᠤᠨ ᠣᠷᠣᠮ ᠪᠠ ᠮᠥᠴᠢ  ᠶᠢᠨ ᠪᠤᠶᠢᠵᠢᠯᠲᠠ ᠨᠢ ᠳᠡᠭᠡᠳᠦ ᠬᠡᠮᠵᠢᠶᠡᠨ ᠤ ᠭᠧᠨ ᠤ ᠬᠤᠯᠪᠣᠭ᠎ᠠ ᠲᠠᠢ ᠪᠠᠶᠢᠳᠠᠭ᠃ ᠬᠥᠮᠦᠨ ᠤ ᠪᠡᠶ᠎ᠡ ᠶᠢᠨ ᠭᠠᠳᠠᠷ ᠣᠨᠴᠠᠯᠢᠭ ᠪᠠ ᠤᠳᠤᠮᠰᠢᠯ ᠤᠨ ᠭᠧᠨ ᠤ ᠲᠤᠬᠠᠶ ᠭᠦᠨᠵᠡᠭᠡᠶ ᠰᠤᠳᠤᠯᠤᠯ ᠨᠢ᠂ ᠲᠥᠷᠥᠯᠬᠢ ᠡᠪᠡᠳᠴᠢᠨ ᠢ ᠡᠷᠲᠡ ᠰᠢᠭᠰᠢᠬᠦ᠂ ᠬᠥᠮᠦᠨ ᠤ ᠪᠡᠶ᠎ᠡ ᠶᠢᠨ ᠡᠪᠡᠳᠴᠢᠨ ᠤ ᠬᠤᠪᠢᠷᠠᠯᠲᠠ ᠶᠢ ᠤᠷᠢᠳᠴᠢᠯᠠᠨ ᠰᠡᠷᠭᠡᠶᠢᠯᠡᠬᠦ ᠵᠡᠷᠭᠡ ᠡᠯ᠎ᠡ ᠬᠦᠷᠢᠶᠡᠨ ᠳᠤ ᠴᠢᠬᠤᠯᠠ ᠦᠨ᠎ᠡ ᠥᠷᠲᠡᠭ ᠲᠠᠢ ᠶᠤᠮ᠃ ᠣᠳᠣᠬᠠᠨ ᠳᠤ ᠨᠢᠯᠬ᠎ᠠ ᠬᠡᠦᠬᠡᠳ ᠤᠨ ᠠᠷᠠᠰᠤᠨ ᠤ ᠵᠢᠷᠤᠭᠠᠰᠤ ᠪᠠᠷ ᠳᠠᠮᠵᠢᠨ᠂ ᠲᠦᠷᠤᠯᠬᠢ ᠮᠡᠳᠡᠷᠡᠯ ᠤᠨ ᠡᠪᠡᠳᠴᠢᠨ ᠤ ᠰᠢᠨᠵᠢ ᠪᠠᠶᠢᠬᠤ ᠡᠰᠡᠬᠦ ᠶᠢ 98 % ᠶᠢᠨ ᠤᠨᠤᠪᠴᠢ ᠪᠠᠷ ᠮᠠᠭᠠᠳᠯᠠᠵᠤ ᠲᠡᠶᠢᠯᠦᠨ᠎ᠡ᠃      ᠮᠥᠴᠢ ᠶᠢᠨ ᠪᠤᠶᠢᠵᠢᠯᠲᠠ ᠶᠢᠨ ᠬᠤᠯᠪᠣᠭᠳᠠᠯ ᠪᠦᠬᠦᠢ ᠭᠧᠨ ᠨᠢ ᠬᠤᠷᠤᠭᠤᠨ ᠣᠷᠣᠮ ᠤᠨ ᠵᠢᠷᠣᠭᠠᠰᠣᠨ ᠤ ᠪᠦᠷᠢᠯᠳᠦᠯ ᠳᠤ ᠭᠤᠣᠯᠯᠠᠬᠤ ᠦᠢᠯᠡᠳᠦᠯ ᠦᠵᠡᠭᠦᠯᠦᠨ᠎ᠡ᠃ ᠤᠷᠳᠤ ᠬᠤᠭᠤᠴᠠᠭᠠᠨ ᠤ ᠲᠤᠷᠰᠢ᠂ ᠬᠤᠷᠤᠭᠤᠨ ᠤᠷᠤᠮ ᠪᠣᠯ ᠵᠥᠪᠬᠡᠨ ᠠᠷᠠᠰᠤ ᠲᠠᠢ ᠬᠤᠯᠪᠣᠭᠳᠠᠬᠤ ᠤᠳᠤᠮᠰᠢᠯ ᠤᠨ ᠣᠨᠴᠠᠯᠢᠭ ᠮᠥᠨ ᠭᠡᠵᠦ ᠬᠦᠮᠤᠰ ᠨᠡᠶᠢᠲᠡᠮ ᠦᠵᠡᠭᠰᠡᠭᠡᠷ ᠢᠷᠡᠪᠡ᠂ 2018 ᠣᠨ ᠳᠤ ᠮᠠᠨ ᠤ ᠤᠯᠤᠰ ︽ᠬᠥᠮᠦᠨ ᠲᠥᠷᠥᠯᠬᠢᠲᠡᠨ ᠤ ᠭᠠᠳᠠᠷ ᠲᠦᠷᠬᠦ  ᠶᠢᠨ ᠪᠦᠳᠦᠴᠡ︾ ᠶᠢᠨ ᠤᠯᠠᠨ ᠤᠯᠤᠰ ᠤᠨ ᠲᠤᠮᠤ ᠰᠢᠨᠵᠢᠯᠡᠬᠦ ᠤᠬᠠᠭᠠᠨ ᠤ ᠲᠥᠯᠥᠪᠯᠡᠭᠡ ᠶᠢ ᠰᠠᠨᠠᠭᠠᠴᠢᠯᠠᠵᠤ᠂ ᠬᠥᠮᠦᠨ ᠲᠥᠷᠥᠯᠬᠢᠲᠡᠨ ᠤ ᠠᠮᠢ ᠨᠠᠰᠤᠨ ᠤ ᠣᠨᠴᠠᠯᠢᠭ ᠲᠤ ᠤᠳᠤᠮᠰᠢᠯ ᠤᠨ ᠤᠬᠠᠭᠠᠨ ᠤ ᠨᠡᠩ ᠭᠦᠨᠵᠡᠭᠡᠢ ᠰᠤᠳᠤᠯᠭᠠᠨ ᠬᠢᠵᠡᠢ ᠃ ᠹᠦᠳᠠᠨ ᠶᠡᠭᠡ ᠰᠤᠷᠭᠠᠭᠤᠯᠢ ᠪᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠮᠢᠶ᠎ᠠ ᠪᠥᠬᠦᠶ ᠪᠦᠯᠬᠦᠮ ᠨᠡᠶᠢᠲᠡ ᠤᠯᠤᠰ ᠤᠨ ᠳᠣᠲᠣᠭᠠᠳᠤ ᠭᠠᠳᠠᠭᠠᠳᠤ ᠶᠢᠨ ᠠᠷᠪᠠ ᠭᠠᠷᠤᠶ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠠᠢ ᠬᠠᠮᠲᠤᠷᠠᠨ᠂ ᠣᠯᠠᠨ ᠤᠳᠤᠮ ᠣᠭᠰᠠᠭᠠᠨ ᠤ ᠬᠦᠮᠤᠰ ᠤᠨ ᠬᠤᠷᠤᠭᠤᠨ ᠣᠷᠣᠮ ᠤᠨ ᠬᠡ ᠶᠢ ᠴᠤᠭᠯᠠᠭᠤᠯᠵᠤ᠂ ᠵᠠᠭᠤᠭᠠᠳ ᠲᠦᠮᠡᠨ ᠤᠳᠤᠮᠯᠠᠯ ᠤᠨ ᠣᠷᠣᠨ ᠪᠠᠶᠢᠷᠢ ᠶᠢᠨ ᠴᠡᠭ ᠢ ᠵᠠᠳᠠᠯᠵᠤ᠂ ᠡᠴᠦᠰ ᠲᠡᠭᠡᠨ ᠮᠥᠴᠢ ᠶᠢᠨ ᠪᠤᠶᠢᠵᠢᠯᠲᠠ ᠶᠢᠨ ᠬᠠᠮᠢᠶ᠎ᠠ ᠪᠥᠬᠦᠶ ᠭᠧᠨ ᠨᠢ ᠬᠤᠷᠤᠭᠤᠨ ᠣᠷᠣᠮ ᠤᠨ ᠬᠡ ᠤᠭᠠᠯᠵᠠ ᠶᠢᠨ ᠬᠡᠯᠪᠡᠷᠢ ᠪᠦᠷᠢᠯᠳᠦᠬᠦ ᠳᠤ ᠭᠤᠤᠯᠯᠠᠬᠤ ᠦᠶ᠋ᠯᠡᠳᠦᠯ ᠦᠵᠡᠭᠦᠯᠦᠭᠰᠡᠨ ᠢ ᠨᠤᠲᠠᠯᠠᠪᠠ᠃ ᠲᠥᠷᠥᠯᠬᠢ ᠡᠪᠡᠳᠴᠢᠨ ᠢ ᠡᠷᠲᠡ ᠰᠢᠭᠰᠢᠬᠦ᠂ ᠬᠥᠮᠦᠨ ᠤ ᠪᠡᠶ᠎ᠡ ᠶᠢᠨ ᠡᠪᠡᠳᠴᠢᠨ ᠤ ᠬᠤᠪᠢᠷᠠᠯᠲᠠ ᠶᠢ ᠤᠷᠢᠳᠴᠢᠯᠠᠨ ᠰᠡᠷᠭᠡᠶᠢᠯᠡᠬᠦ ᠵᠡᠷᠭᠡ ᠬᠦᠷᠢᠶᠡᠨ ᠳᠤ ᠴᠢᠬᠤᠯᠠ ᠦᠨ᠎ᠡ ᠥᠷᠲᠡᠭ ᠲᠠᠢ ᠬᠤᠷᠤᠭᠤᠨ ᠣᠷᠣᠮ ᠤᠨ ᠭᠧᠨ ᠤ ᠨᠢᠭᠤᠴᠠ ᠶᠢ ᠠᠩᠬ᠎ᠠ ᠲᠠᠶᠢᠯᠤᠭᠰᠠᠨ ᠨᠢ ᠣᠨᠣᠯ ᠤᠨ ᠦᠷ᠎ᠡ ᠪᠦᠲᠦᠭᠡᠯ ᠪᠣᠯᠬᠤ ᠪᠠᠷ ᠪᠠᠷᠠᠬᠤ ᠥᠬᠡᠶ᠂ ᠪᠠᠰᠠ ᠬᠥᠮᠦᠨ ᠲᠥᠷᠥᠯᠬᠢᠲᠡᠨ ᠤ ᠭᠠᠳᠠᠷ ᠲᠦᠷᠬᠦ ᠶᠢᠨ ᠪᠦᠳᠦᠴᠡ ᠶᠢᠨ ᠰᠤᠳᠤᠯᠭᠠᠨ ᠠᠯᠤᠰ ᠢᠷᠡᠭᠡᠳᠦᠶ ᠲᠠᠢ ᠪᠠᠶᠢᠬᠤ ᠶᠢ ᠬᠠᠷᠠᠭᠤᠯᠵᠤ ᠪᠠᠶᠢᠨ᠎ᠠ᠃      ᠬᠥᠮᠦᠨ ᠤ ᠪᠡᠶ᠎ᠡ ᠶᠢᠨ ᠭᠠᠳᠠᠷ ᠣᠨᠴᠠᠯᠢᠭ ᠪᠠ ᠤᠳᠤᠮᠯᠠᠯ ᠤᠨ ᠭᠧᠨ ᠤ ᠲᠤᠬᠠᠶ ᠭᠦᠨᠵᠡᠭᠡᠶ ᠰᠤᠳᠤᠯᠤᠯ ᠢᠶᠠᠷ ᠳᠡᠮᠵᠢᠨ᠂ ᠲᠥᠷᠥᠯᠬᠢ ᠡᠪᠡᠳᠴᠢᠨ ᠢ ᠡᠷᠲᠡ ᠰᠢᠭᠰᠢᠬᠦ᠂ ᠬᠥᠮᠦᠨ ᠤ ᠪᠡᠶ᠎ᠡ ᠶᠢᠨ ᠡᠪᠡᠳᠴᠢᠨ ᠤ ᠬᠤᠪᠢᠷᠠᠯᠲᠠ ᠶᠢ ᠤᠷᠢᠳᠴᠢᠯᠠᠨ ᠰᠡᠷᠭᠡᠶᠢᠯᠡᠬᠦ ᠵᠡᠷᠭᠡ ᠡᠯ᠎ᠡ ᠬᠦᠷᠢᠶᠡᠨ ᠳᠤ ᠴᠢᠬᠤᠯᠠ ᠶᠡᠭᠡ ᠦᠨ᠎ᠡ ᠥᠷᠲᠡᠭ ᠲᠠᠢ ᠶᠤᠮ᠂ ᠣᠳᠣᠬᠠᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠤᠳ ᠨᠢᠭᠡᠨᠲᠡ ᠡᠮᠴᠢᠯᠡᠭᠡᠨ ᠤ ᠪᠠᠶᠢᠭᠤᠯᠤᠮᠵᠢ ᠲᠠᠢ ᠬᠠᠮᠲᠤᠷᠠᠨ ᠠᠵᠢᠯᠯᠠᠵᠤ᠂ ᠬᠡᠷᠡᠭᠯᠡᠭᠡᠨ ᠤ ᠬᠦᠷᠢᠶᠡᠨ ᠳᠠᠬᠢ ᠦᠶ᠋ᠯᠡᠳᠦᠯᠭᠡ ᠶᠢᠨ ᠰᠤᠳᠤᠯᠭᠠᠨ ᠢ ᠤᠯᠠᠮ ᠨᠢᠭᠡ ᠠᠯᠬᠤᠮ ᠦᠷᠭᠡᠳᠭᠡᠵᠦ ᠪᠠᠶᠢᠨ᠎ᠠ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号