ᠦᠪᠦᠷ ᠮᠣᠩᠭᠤᠯ ᠡᠨᠡ ᠬᠦ ᠨᠥᠬᠦᠪᠥᠷᠢ ᠶᠢᠨ ᠲᠠᠷᠬᠠᠭᠠᠯᠲᠠ ᠶᠢ ᠲᠦᠷᠭᠡᠳᠭᠡᠪᠡ
ᠨᠡᠶᠢᠲᠡᠯᠡᠭᠰᠡᠨ ᠴᠠᠭ᠄
2022/4/28
                        ᠣᠶᠢᠷ᠎ᠡ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠬᠥᠳᠡᠭᠡ ᠲᠣᠰᠬᠤᠨ ᠤ ᠠᠶᠠᠨᠴᠢᠳ ᠤᠨ ᠵᠦᠭᠡᠭᠡᠪᠤᠷᠢ ᠶᠢᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠪᠣᠯᠪᠠᠰᠤᠷᠠᠭᠤᠯᠤᠭᠰᠠᠨ ᠲᠣᠰᠣᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ ᠣᠯᠭᠤᠬᠤ ᠵᠢᠴᠢ ᠨᠢᠭᠡᠳᠦᠯᠲᠡᠶ ᠲᠥᠯᠥᠪᠯᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠠᠮᠢᠶ᠎ᠠ ᠪᠥᠬᠦᠶ ᠪᠠᠯᠠ ᠮᠥᠩᠭᠦ ᠣᠯᠭᠤᠬᠤ ᠵᠢᠴᠢ ᠨᠢᠭᠡᠳᠦᠯᠲᠡᠶ ᠲᠥᠯᠥᠪᠯᠡᠬᠦ ᠠᠵᠢᠯ ᠢ ᠢᠳᠡᠪᠬᠢᠲᠡᠶ ᠰᠠᠶᠢᠲᠤᠷ ᠬᠢᠬᠦ ᠬᠡᠷᠡᠭᠲᠡᠶ ᠭᠡᠵᠦ ᠡᠯ᠎ᠡ ᠠᠶᠢᠮᠠᠭ ᠬᠤᠲᠠ ᠶᠢ ᠱᠠᠭᠠᠷᠳᠠᠪᠠ᠃    ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠠᠶᠢᠮᠠᠭ ᠬᠤᠲᠠ ᠠᠵᠢᠯ ᠲᠥᠷᠥᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰ ᠭᠠᠵᠠᠷ ᠣᠷᠣᠨ ᠤ ᠪᠠᠨ ᠨᠥᠬᠦᠪᠥᠷᠢ ᠪᠠᠯᠠ ᠮᠥᠩᠭᠦ ᠣᠯᠭᠤᠬᠤ ᠲᠥᠰᠦᠯ ᠢ ᠲᠣᠭᠲᠠᠭᠠᠵᠤ᠂ ᠢᠯᠡ ᠨᠡᠶᠢᠲᠡᠯᠡᠬᠦ ᠲᠦᠷᠢᠮ ᠢ ᠪᠠᠷᠢᠮᠲᠠᠯᠠᠨ᠂ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠵᠤ᠂ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠶᠢᠭᠤᠯᠤᠮᠵᠢᠳᠤ ᠲᠣᠰᠬᠤᠨ ᠳᠤ ᠠᠶᠠᠨᠴᠢᠳ ᠤᠨ ᠮᠠᠰᠢᠨ ᠲᠡᠷᠭᠡ ᠨᠡᠪᠲᠡᠷᠡᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠳᠡᠭᠡ ᠲᠣᠰᠬᠤᠨ ᠤ ᠠᠶᠠᠨᠴᠢᠳ ᠤᠨ ᠵᠦᠭᠡᠭᠡᠪᠤᠷᠢ ᠶᠢᠨ ᠪᠡᠯᠡ ᠮᠥᠩᠭᠦ ᠶᠢ ᠬᠥᠳᠡᠭᠡ ᠲᠣᠰᠬᠤᠨ ᠤ ᠠᠶᠠᠨᠴᠢᠳ ᠤᠨ ᠵᠦᠭᠡᠭᠡᠪᠤᠷᠢ ᠶᠢᠨ ᠠᠵᠦ ᠦᠢᠯᠡᠰ ᠤᠨ ᠬᠥᠭᠵᠢᠯᠲᠡ ᠳᠤ ᠤᠷᠢᠳ ᠢᠶᠠᠷ ᠬᠡᠷᠡᠭᠯᠡᠵᠦ᠂ ᠨᠢᠭᠡᠳᠦᠯᠲᠡᠶ ᠲᠥᠯᠥᠪᠯᠡᠬᠦ ᠪᠡᠯᠡ ᠮᠥᠩᠭᠦ ᠶᠢ ᠠᠰᠢᠭᠯᠠᠨ ᠳᠠᠭᠠᠭᠤᠯᠢ ᠣᠳᠣᠨ ᠣᠷᠣᠨ ᠪᠠᠶᠢᠷᠢ ᠲᠣᠭᠲᠠᠭᠠᠬᠤ ᠲᠣᠨᠤᠭ ᠲᠥᠬᠦᠭᠡᠷᠦᠮᠵᠢ ᠶᠢ 100 % ᠪᠠᠷ ᠤᠭᠰᠠᠷᠠᠵᠤ᠂ ᠬᠤᠲᠠ ᠬᠥᠳᠡᠭᠡ ᠶᠢᠨ ᠠᠶᠠᠨᠴᠢᠳ ᠤᠨ ᠵᠦᠭᠡᠭᠡᠪᠤᠷᠢ ᠶᠢᠨ ᠨᠡᠶᠢᠲᠡ ᠶᠢᠨ ᠮᠠᠰᠢᠨᠴᠢᠯᠠᠭᠰᠠᠨ ᠦᠭᠡᠷᠡᠴᠢᠯᠡᠯᠲᠡ᠂ ᠢᠯᠠᠩᠭᠤᠶ᠎ᠠ ᠰᠢᠨ᠎ᠡ ᠡᠨᠧᠷᠭᠢ ᠶᠢᠨ ᠰᠢᠨᠡᠴᠢᠯᠡᠯᠲᠡ ᠶᠢᠨ ᠲᠠᠯ᠎ᠠ ᠪᠠᠷ ᠡᠩ ᠲᠡᠷᠢᠭᠦᠨ ᠳᠤ ᠳᠡᠮᠵᠢᠯᠭᠡ ᠦᠵᠡᠭᠦᠯᠦᠨ᠎ᠡ᠃ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ᠂ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠶᠢᠨ ᠨᠥᠬᠦᠪᠥᠷᠢ ᠶᠢᠨ ᠡᠷᠴᠢᠮ ᠢ ᠴᠢᠩᠭᠠᠷᠠᠭᠤᠯᠵᠤ᠂ ᠠᠶᠢᠮᠠᠭ ᠬᠤᠲᠠ ᠶᠢᠨ ᠨᠢᠭᠡᠳᠦᠯᠲᠡᠶ ᠲᠥᠯᠥᠪᠯᠡᠭᠰᠡᠨ ᠲᠣᠰᠣᠨ ᠤ ᠦᠨ᠎ᠡ ᠶᠢᠨ ᠨᠥᠬᠦᠪᠥᠷᠢ ᠶᠢᠨ ᠪᠠᠯᠠ ᠮᠥᠩᠭᠦ ᠶᠢᠨ ᠳᠣᠲᠣᠷᠠᠬᠢ 30 % ᠠᠴᠠ ᠪᠠᠭ᠎ᠠ ᠬᠡᠰᠡᠭ ᠢ ᠨᠢ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ᠂ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠨᠥᠬᠦᠪᠥᠷᠢ ᠳᠤ ᠬᠡᠷᠡᠭᠯᠡᠨ᠎ᠡ ᠭᠡᠵᠡᠢ᠃                
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号