ᠬᠦᠭᠡᠪᠦᠷ ᠪᠠᠯᠭᠠᠰᠤᠨ ᠤ ᠥᠷᠭᠡᠨ ᠤᠯᠠᠨ ᠰᠠᠭᠤᠭᠠᠯᠢ ᠠᠷᠠᠳ ᠲᠤ ᠢᠯᠡᠭᠡᠭᠰᠡᠨ ᠵᠠᠬᠢᠳᠠᠯ
ᠨᠡᠶᠢᠲᠡᠯᠡᠭᠰᠡᠨ ᠴᠠᠭ᠄
2022/5/13
   ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠪᠡᠯ ᠂ ᠬᠦᠭᠡᠪᠦᠷ ᠪᠠᠯᠭᠠᠰᠤᠨ ᠤ ᠲᠦᠭᠡᠭᠡᠯ ᠤᠰᠤᠨ ᠤ ᠬᠠᠩᠭᠠᠯᠭ᠎ᠠ ᠶᠢᠨ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠬᠦ ᠶᠢᠨ ᠲᠥᠯᠥᠭᠡ᠂ ᠡᠨᠡ ᠵᠢᠯ ᠮᠠᠨ ᠤ ᠲᠣᠪᠴᠢᠶ᠎ᠠ ᠬᠦᠭᠡᠪᠦᠷ ᠪᠠᠯᠭᠠᠰᠤᠨ ᠤ ᠳᠣᠲᠣᠷᠠᠬᠢ ᠭᠤᠤᠯ ᠵᠡᠭᠡᠯᠢ ᠭᠤᠳᠤᠮᠵᠢ ᠶᠢᠨ ᠲᠦᠭᠡᠭᠡᠯ ᠤᠰᠤᠨ ᠤ ᠭᠤᠤᠯ ᠬᠠᠮᠢᠶᠠᠷᠤᠯᠲᠠ ᠶᠢᠨ ᠲᠣᠤᠷ ᠢ ᠪᠥᠬᠦ ᠲᠠᠯ᠎ᠠ ᠪᠠᠷ ᠲᠠᠰ ᠳᠡᠪᠰᠢᠭᠦᠯᠦᠨ ᠥᠭᠡᠷᠡᠴᠢᠯᠡᠬᠦ ᠶᠢᠨ ᠬᠠᠮᠲᠤ ᠬᠤᠲᠠ ᠶᠢᠨ ᠤᠰᠤᠲᠤᠯ ᠡᠭᠦᠰᠬᠦ ᠶᠢ ᠰᠡᠷᠭᠡᠶᠢᠯᠡᠬᠦ ᠶᠢᠨ ᠲᠥᠯᠥᠭᠡ᠂ ᠬᠦᠭᠡᠪᠦᠷ ᠪᠠᠯᠭᠠᠰᠤᠨ ᠤ ᠳᠣᠲᠣᠷᠠᠬᠢ ᠭᠤᠤᠯ ᠵᠡᠭᠡᠯᠢ ᠭᠤᠳᠤᠮᠵᠢ ᠳᠤ ᠤᠰᠤᠲᠤᠯ ᠢ ᠰᠡᠷᠭᠡᠶᠢᠯᠡᠬᠦ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠢ ᠰᠢᠨ᠎ᠡ ᠪᠠᠷ ᠨᠡᠮᠡᠨ᠎ᠡ᠃     ᠣᠳᠣᠬᠠᠨ ᠳᠤ᠂ ᠪᠠᠷᠢᠯᠭ᠎ᠠ ᠶᠢᠨ ᠠᠵᠢᠯ ᠢ ᠨᠢᠭᠡᠨᠲᠡ ᠬᠡᠰᠡᠭ ᠬᠡᠰᠡᠭ ᠢᠶᠠᠷ ᠵᠡᠭᠦᠨ ᠠᠴᠠ ᠪᠠᠷᠠᠭᠤᠨᠰᠢ ᠵᠡᠷᠭᠡ ᠪᠠᠷ ᠡᠬᠢᠯᠡᠨ ᠬᠢᠵᠦ᠂ ᠬᠤᠯᠪᠣᠭᠳᠠᠭᠰᠠᠨ ᠵᠠᠮ ᠤᠨ ᠬᠡᠰᠡᠭ ᠲᠤ ᠬᠥᠪᠡᠭᠡᠲᠦ ᠤᠯᠠᠭᠠᠨ ᠶᠡᠭᠡ ᠵᠡᠭᠡᠯᠢ᠂ ᠬᠥᠪᠡᠭᠡᠲᠦ ᠬᠦᠬᠡ ᠶᠡᠭᠡ ᠵᠡᠭᠡᠯᠢ᠂ ᠴᠠᠬᠠᠷ ᠶᠡᠭᠡ ᠵᠡᠭᠡᠯᠢ᠂ ᠴᠠᠭᠠᠨ ᠬᠠᠳᠠ ᠵᠠᠮ᠂ ᠲᠤᠸᠠᠨ ᠵᠢᠶᠧ ᠵᠠᠮ᠂ ᠰᠢᠩ ᠹᠦ᠋ ᠵᠠᠮ ᠵᠡᠷᠭᠡ ᠪᠤᠢ᠃ ᠲᠤᠰ ᠲᠥᠷᠥᠯ ᠵᠦᠢᠯ ᠤᠨ ᠠᠮᠤᠷ ᠲᠦᠪᠰᠢᠨ ᠪᠣᠯᠪᠠᠰᠤᠨ ᠢᠶᠠᠷ ᠪᠠᠷᠢᠯᠭ᠎ᠠ ᠪᠠᠷᠢᠬᠤ ᠶᠢ ᠪᠠᠲᠤᠯᠠᠬᠤ ᠶᠢᠨ ᠲᠥᠯᠥᠭᠡ᠂ ᠪᠠᠷᠢᠯᠭ᠎ᠠ ᠶᠢᠨ ᠬᠤᠭᠤᠴᠠᠭᠠᠨ ᠳᠤ ᠵᠠᠮ ᠤᠨ ᠲᠦᠷ ᠴᠠᠭ ᠤᠨ ᠬᠠᠰᠢᠯᠲᠠ᠂ ᠲᠥᠷᠥᠯ ᠵᠦᠢᠯ ᠤᠨ ᠢᠯᠡ ᠪᠠᠷ ᠨᠡᠶᠢᠲᠡᠯᠡᠬᠦ ᠫᠠᠶᠢᠰᠠ ᠵᠢᠴᠢ ᠬᠠᠮᠢᠶ᠎ᠠ ᠪᠦᠬᠦᠢ ᠰᠡᠷᠡᠮᠵᠢ ᠶᠢᠨ ᠲᠡᠮᠳᠡᠭ ᠲᠠᠯᠪᠢᠵᠤ᠂ ᠡᠨᠡ ᠬᠤᠭᠤᠴᠠᠭᠠᠨ ᠳᠤ ᠬᠡᠰᠡᠭ ᠭᠠᠵᠠᠷ ᠤᠨ ᠵᠠᠮ ᠲᠦᠭᠵᠢᠷᠡᠬᠦ ᠨᠢ ᠵᠠᠶᠢᠯᠠᠰᠢ ᠥᠬᠡᠶ᠂ ᠡᠭᠦᠨ ᠤ ᠬᠠᠮᠲᠤ ᠵᠠᠮ ᠤᠨ ᠬᠡᠰᠡᠭ ᠲᠤ ᠬᠤᠯᠪᠣᠭᠳᠠᠬᠤ ᠬᠤᠭᠤᠯᠠᠶ ᠵᠠᠯᠭᠠᠯᠳᠤᠭᠰᠠᠨ ᠠᠴᠠ ᠪᠣᠯᠵᠣ ᠰᠡᠯᠭᠦᠭᠡ ᠴᠢᠨᠠᠷᠲᠠᠶ ᠤᠰᠤ ᠵᠣᠭᠰᠣᠬᠤ ᠨᠢ ᠵᠠᠶᠢᠯᠠᠰᠢ ᠥᠬᠡᠶ ᠶᠤᠮ᠂ ᠲᠦᠷ ᠴᠠᠭ ᠤᠰᠤ ᠵᠣᠭᠰᠣᠬᠤ ᠠᠴᠠ ᠡᠮᠦᠨ᠎ᠡ ᠲᠦᠭᠡᠭᠡᠯ ᠤᠰᠤᠨ ᠤ ᠺᠣᠮᠫᠠᠨᠢ ᠬᠤᠯᠪᠣᠭᠳᠠᠯ ᠪᠥᠬᠦᠶ ᠵᠠᠭᠤᠴᠢᠯᠠᠭᠤᠷ ᠢᠶᠠᠷ ᠳᠠᠮᠵᠢᠭᠤᠯᠤᠨ ᠤᠷᠢᠳᠴᠢᠯᠠᠨ ᠮᠡᠳᠡᠭᠳᠡᠯ ᠭᠠᠷᠭᠠᠵᠤ᠂ ᠤᠰᠤ ᠬᠡᠷᠡᠭᠯᠡᠬᠦ ᠰᠠᠭᠤᠭᠠᠯᠢ ᠠᠷᠠᠳ ᠤᠷᠢᠳᠴᠢᠯᠠᠨ ᠤᠰᠤ ᠬᠠᠳᠠᠭᠠᠯᠠᠬᠤ ᠪᠡᠯᠡᠳᠬᠡᠯ ᠢᠶᠠᠨ ᠰᠠᠶᠢᠲᠤᠷ ᠬᠢᠬᠦ ᠶᠢ ᠬᠦᠰᠡᠵᠦ ᠪᠠᠶᠢᠨ᠎ᠠ᠂ ᠡᠭᠦᠨ ᠠᠴᠠ ᠪᠣᠯᠤᠭᠰᠠᠨ ᠳᠥᠭᠦᠮ ᠦᠭᠡᠢ ᠪᠠᠶᠢᠳᠠᠯ ᠢ ᠠᠭᠤᠴᠢᠯᠠᠬᠤ ᠪᠣᠯᠪᠠᠤ᠃          ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ          ᠣᠷᠴᠢᠭᠤᠯᠣᠨᠨᠴᠢ᠄  ᠭᠧ ᠲᠣᠸᠠᠨ ᠯᠢᠶᠡᠨ        
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号