| ᠶᠡᠷᠦᠩᠬᠡᠢ ᠱᠦᠵᠢ ᠰᠢ ᠶᠢᠨ ᠫᠢᠩ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ᠂ ᠪᠦᠬᠦ | ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠳᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠦᠯᠦᠬᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠯᠠᠭᠠᠨᠴᠠᠪ | ᠬᠤᠲᠠ ᠳᠤ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ | ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠠᠷ ᠲᠣᠭᠲᠠᠵᠤ᠂ ᠡᠳᠦᠭᠡ ᠪᠥᠬᠦ ᠤᠯᠤᠰ ᠤᠨ ᠡᠯ᠎ᠡ ᠭᠠᠵᠠᠷ ᠤᠨ | ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠠ ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠦᠷᠢᠶᠡᠯᠡᠩ ᠲᠣᠭᠤᠷᠢᠭ ᠤᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ | ᠬᠠᠮᠢᠶᠠᠷᠤᠯᠲᠠ ᠳᠤ ᠣᠷᠣᠯᠴᠠᠬᠤ ᠶᠢ ᠤᠷᠢᠵᠤ ᠪᠠᠶᠢᠨ᠎ᠠ᠃ | ᠨᠢᠭᠡ᠂ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ | ᠦᠨᠳᠦᠰᠦᠨ ᠪᠠᠶᠢᠳᠠᠯ | ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠪᠣᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠪᠣᠯᠣᠨ ᠤᠯᠠᠭᠠᠨᠴᠠᠪ ᠬᠤᠲᠠ ᠠᠴᠠ ᠬᠠᠮᠲᠤᠪᠠᠷ | ᠲᠥᠯᠥᠪᠵᠢᠭᠦᠯᠦᠨ ᠪᠦᠲᠦᠭᠡᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠪᠣᠯᠣᠨ᠎ᠠ᠃ ᠬᠦᠷᠢᠶᠡᠯᠡᠩ ᠲᠣᠭᠤᠷᠢᠭ ᠢ ᠥᠪᠥᠷ ᠮᠣᠩᠭᠤᠯ ᠤᠨ | ᠤᠯᠠᠭᠠᠨᠴᠠᠪ ᠬᠤᠲᠠ ᠶᠢᠨ ᠲᠥᠪ ᠬᠤᠲᠠ ᠶᠢᠨ ᠲᠣᠭᠤᠷᠢᠭ ᠤᠨ ᠡᠮᠦᠨ᠎ᠡ ᠬᠡᠰᠡᠭ ᠲᠤ ᠪᠠᠶᠢᠷᠢᠯᠠᠭᠤᠯᠬᠤ ᠪᠠᠷ | ᠲᠥᠯᠥᠪᠯᠡᠵᠦ ᠪᠣᠶ᠂ ᠲᠥᠯᠥᠪᠵᠢᠭᠦᠯᠦᠭᠰᠡᠨ ᠲᠠᠯᠠᠪᠠᠶ ᠨᠢ 19.4 ᠲᠡᠭᠰᠢ ᠳᠥᠷᠪᠡᠯᠵᠢᠨ ᠺᠢᠯᠣᠮᠧᠳ᠋ᠷ ᠪᠠᠶᠢᠵᠤ᠂ | ᠣᠶᠢᠷ᠎ᠠ ᠶᠢᠨ ᠬᠤᠭᠤᠴᠠᠭᠠᠨ ᠳᠤ 9.2 ᠲᠡᠭᠰᠢ ᠳᠥᠷᠪᠡᠯᠵᠢᠨ ᠺᠢᠯᠣᠮᠧᠳ᠋ᠷ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠵᠤ᠂ ᠠᠯᠤᠰ ᠤᠨ ᠬᠤᠭᠤᠴᠠᠭᠠᠨ ᠳᠤ 10.2 ᠲᠡᠭᠰᠢ ᠳᠥᠷᠪᠡᠯᠵᠢᠨ ᠺᠢᠯᠣᠮᠧᠳ᠋ᠷ ᠨᠡᠭᠡᠭᠡᠨ ᠬᠥᠭᠵᠢᠭᠦᠯᠵᠦ | ᠪᠦᠲᠦᠭᠡᠨ ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠨᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠲᠣᠭᠤᠷᠢᠭ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠲᠣᠭᠤᠷᠢᠭ᠂ ᠠᠳᠠᠯ ᠦᠢᠯᠡᠰ ᠴᠣᠭᠴᠠᠯᠠᠵᠤ ᠰᠢᠨ᠎ᠡ ᠶᠢ | ᠡᠭᠦᠳᠬᠦ ᠶᠢᠨ ᠨᠡᠪᠴᠢᠭᠦᠯᠬᠦ ᠲᠣᠭᠤᠷᠢᠭ᠂ ᠰᠤᠳᠤᠯᠤᠨ ᠨᠡᠭᠡᠭᠡᠬᠦ ᠳᠠᠳᠤᠯᠭ᠎ᠠ ᠪᠣᠯᠪᠠᠰᠤᠷᠠᠭᠤᠯᠤᠯ ᠤᠨ ᠲᠣᠭᠤᠷᠢᠭ ᠪᠠ | ᠠᠮᠢᠳᠤᠷᠠᠯ ᠤᠨ ᠦᠢᠯᠡᠴᠢᠯᠡᠭᠡᠨ ᠤ ᠲᠣᠭᠤᠷᠢᠭ ᠤᠨ ︽ᠲᠠᠪᠤᠨ ᠶᠡᠭᠡ ᠴᠢᠳᠠᠮᠵᠢ ᠶᠢᠨ ᠲᠣᠭᠤᠷᠢᠭ︾ ᠢ | ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠠᠷ ᠲᠥᠯᠥᠪᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠠᠵᠤ ᠦᠢᠯᠡᠰ ᠪᠠ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢᠨ ᠨᠡᠪᠴᠢᠭᠦᠯᠬᠦ ᠪᠠᠷ ᠭᠤᠣᠯ ᠪᠣᠯᠭᠠᠭᠰᠠᠨ | ᠤ ᠬᠠᠮᠳᠤ᠂ ᠨᠡᠶᠢᠭᠡᠮ᠂ ᠬᠤᠳᠠᠯᠳᠤᠭ᠎ᠠ᠂ ᠣᠷᠣᠨ ᠰᠠᠭᠤᠴᠠ ᠵᠡᠷᠭᠡ ᠲᠥᠬᠦᠷ ᠴᠢᠳᠠᠮᠵᠢ ᠶᠢ ᠬᠠᠪᠰᠤᠷᠭᠠᠭᠰᠠᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ | ᠪᠣᠯᠣᠨ᠎ᠠ᠃ ᠬᠦᠷᠢᠶᠡᠯᠡᠩ ᠲᠣᠭᠤᠷᠢᠭ ᠢ 2022 ᠣᠨ ᠠᠴᠠ ᠡᠬᠢᠯᠡᠨ ᠪᠠᠶᠢᠭᠤᠯᠵᠤ᠂ ᠰᠠᠭᠤᠷᠢ ᠲᠥᠬᠦᠷᠵᠢᠭᠦᠯᠬᠦ ᠪᠠ | ︽ᠠᠵᠤ ᠠᠬᠤᠶᠢᠯᠠᠯ ᠢ ᠤᠷᠢᠵᠤ ᠰᠤᠷᠭᠠᠭᠤᠯᠢ ᠶᠢ ᠳᠠᠳᠠᠨ ᠤᠷᠤᠭᠤᠯᠬᠤ︾ ᠠᠵᠢᠯ ᠢ ᠵᠡᠷᠭᠡᠪᠡᠷ ᠥᠷᠨᠢᠭᠦᠯᠵᠦ᠂ | 2030 ᠣᠨ ᠪᠣᠯᠬᠤ ᠳᠤ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠪᠦᠲᠦᠭᠡᠨ ᠪᠠᠶᠢᠭᠤᠯᠤᠯᠲᠠ ᠪᠠ | ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠶᠢ ᠪᠡᠶᠡᠯᠡᠭᠦᠯᠬᠦ ᠪᠠᠷ ᠲᠥᠯᠥᠪᠯᠡᠵᠦ᠂ 10 ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠣᠷᠣᠵᠤ ᠰᠠᠭᠤᠬᠤ ᠶᠢ ᠪᠡᠶᠡᠯᠡᠭᠦᠯᠵᠦ᠂ ᠪᠦᠬᠦᠯᠢ ᠡᠳᠦᠷ ᠤᠨ ᠳᠦᠷᠢᠮᠲᠦ | ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠬᠡᠪᠴᠢᠶ᠎ᠡ ᠶᠢ 10 ᠲᠦᠮᠡ ᠠᠴᠠ ᠳᠡᠭᠡᠭᠰᠢ ᠳᠤ ᠬᠦᠷᠦᠬᠦᠯᠵᠤ᠂ ᠡᠯ᠎ᠡ | ᠲᠥᠷᠥᠯ ᠤᠨ ᠰᠣᠷᠣᠭᠴᠢ ᠶᠢ 20 ᠲᠦᠮᠡ ᠠᠴᠠ ᠳᠡᠭᠡᠭᠰᠢ ᠳᠤ ᠬᠦᠷᠦᠬᠦᠯᠵᠤ᠂ ᠵᠢᠯ ᠪᠦᠷᠢ 30 ᠲᠦᠮᠡᠨ ᠬᠥᠮᠥᠨ | ᠤᠳᠠᠭ᠎ᠠ ᠶᠢᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠪᠡᠶᠡᠯᠡᠭᠦᠯᠦᠨ᠎ᠡ᠃ | ᠬᠤᠶᠠᠷ᠂ ᠬᠤᠳᠠᠯᠳᠤᠭᠠᠴᠢᠨ ᠤᠷᠢᠵᠤ ᠰᠤᠷᠭᠠᠭᠤᠯᠢ ᠳᠠᠳᠠᠨ ᠤᠷᠤᠭᠤᠯᠬᠤ ᠴᠢᠭᠯᠡᠯ | 1. ᠪᠥᠬᠦ ᠤᠯᠤᠰ ᠤᠨ ᠡᠯ᠎ᠡ ᠭᠠᠵᠠᠷ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠶᠢᠨ ᠲᠤᠷᠰᠢᠯᠭ᠎ᠠ ᠲᠠᠢ ᠪᠥᠭᠡᠳ ᠵᠣᠬᠢᠬᠤ ᠬᠢᠷᠢ ᠬᠡᠮ ᠲᠠᠢ | ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ᠂ ᠡᠯ᠎ᠡ ᠵᠦᠢᠯ ᠤᠨ ᠦᠨᠡᠮᠯᠡᠯ᠂ ᠭᠠᠷᠳᠠᠮ ᠨᠢ ᠪᠦᠷᠢᠨ ᠭᠦᠢᠴᠡᠳ᠂ | ᠪᠡᠯᠡ ᠮᠥᠩᠭᠦ ᠶᠢᠨ ᠪᠣᠳᠠᠲᠤ ᠬᠦᠴᠦᠨ ᠲᠠᠢ᠃ ᠪᠤᠰᠤᠳ ᠭᠠᠵᠠᠷ ᠣᠷᠣᠨ ᠳᠤ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠭᠰᠠᠨ ᠪᠤᠶᠤ ᠠᠵᠢᠯᠯᠠᠭᠤᠯᠤᠨ ᠡᠵᠡᠩᠨᠡᠭᠡᠳ | ᠠᠮᠵᠢᠯᠲᠠ ᠤᠯᠤᠭᠰᠠᠨ ᠵᠢᠱᠢᠶ᠎ᠡ ᠲᠠᠢ ᠠᠵᠤ ᠠᠬᠤᠶᠢᠯᠠᠯ ᠢ ᠤᠷᠢᠳᠠᠪᠠᠷ ᠪᠤᠳᠤᠯᠬᠢᠯᠠᠨ᠎ᠠ᠃ | 2. ᠪᠥᠬᠦ ᠤᠯᠤᠰ ᠤᠨ ᠡᠯ᠎ᠡ ᠭᠠᠵᠠᠷ ᠤᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠬᠢᠷᠢ | ᠬᠡᠮ ᠲᠠᠢ ᠠᠯᠪᠠᠨ ᠠᠴᠠ ᠪᠠᠶᠢᠭᠤᠯᠤᠭᠰᠠᠨ ᠪᠤᠶᠤ ᠠᠷᠠᠳ ᠠᠴᠠ ᠡᠷᠭᠢᠯᠡᠭᠰᠡᠨ ᠳᠡᠭᠡᠳᠦ ᠰᠤᠷᠭᠠᠭᠤᠯᠢ᠂ ᠳᠤᠮᠳᠠᠳᠤ | ᠵᠡᠷᠭᠡ ᠶᠢᠨ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠢᠴᠢ ᠰᠤᠷᠭᠠᠨ | ᠬᠥᠮᠦᠵᠢᠯ ᠤᠨ ᠪᠦᠯᠦᠭᠯᠡᠯ᠃ | ᠭᠤᠷᠪᠠ᠂ ᠬᠠᠮᠳᠤᠯᠴᠠᠭᠠᠨ ᠤ ᠠᠷᠭ᠎ᠠ ᠬᠡᠯᠪᠡᠷᠢ ᠬᠠᠮᠲᠤᠷᠠᠯᠴᠠᠭᠠᠨ ᠤ ᠠᠷᠭ᠎ᠠ ᠬᠡᠯᠪᠡᠷᠢ ᠨᠢ ᠠᠮᠢᠳᠤᠯᠢᠭ ᠪᠠᠶᠢᠵᠤ᠂ | ᠵᠠᠰᠠᠭ ᠪᠠ ᠠᠵᠤ ᠠᠬᠤᠶᠢᠯᠠᠯ ᠬᠠᠮᠲᠤ ᠪᠠᠷ ᠪᠠᠶᠢᠭᠤᠯᠬᠤ ᠪᠤᠶᠤ ᠠᠵᠤ ᠠᠬᠤᠶᠢᠯᠠᠯ ᠪᠡᠶ᠎ᠡ ᠪᠠᠨ ᠳᠠᠭᠠᠭᠠᠵᠤ ᠪᠦᠲᠦᠭᠡᠨ | ᠪᠠᠶᠢᠭᠤᠯᠬᠤ ᠶᠢ ᠬᠡᠷᠡᠭᠵᠢᠬᠦᠯᠵᠤ ᠪᠣᠯᠣᠨ᠎ᠠ᠂ ᠪᠣᠳᠠᠲᠠᠢ ᠳᠡᠭᠡᠷ᠎ᠡ ︽ᠨᠢᠭᠡ ᠬᠡᠷᠡᠭ ᠢ ᠨᠢᠭᠡ ᠵᠥᠪᠯᠡᠬᠦ︾᠂ ︽ᠨᠢᠭᠡ | ᠠᠵᠤ ᠠᠬᠤᠶᠢᠯᠠᠯ ᠨᠢᠭᠡ ᠵᠥᠪᠯᠡᠬᠦ︾ ᠪᠣᠯᠣᠨ᠎ᠠ᠃ | ᠳᠥᠷᠪᠡ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠬᠦᠷᠢᠶᠡᠯᠡᠩ ᠳᠤ ᠣᠷᠣᠭᠰᠠᠨ ᠠᠵᠤ ᠠᠬᠤᠶᠢᠯᠠᠯ | ᠪᠣᠯᠣᠨ ᠰᠤᠷᠭᠠᠭᠤᠯᠢ ᠨᠤᠭᠤᠳ ᠤᠯᠠᠭᠠᠨᠴᠠᠪ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠢᠴᠢ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ᠂ ᠴᠠᠬᠠᠷ | ᠪᠠᠷᠠᠭᠤᠨ ᠭᠠᠷᠤᠨ ᠡᠮᠦᠨᠡᠲᠦ ᠬᠤᠰᠢᠭᠤ ᠭᠤᠷᠪᠠᠨ ᠱᠠᠲᠤᠨ ᠤ ᠵᠠᠰᠠᠭ ᠤᠨ ᠣᠷᠳᠣᠨ ᠤ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠨᠡᠶᠢᠲᠡᠯᠡᠭᠰᠡᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃ ᠲᠠᠪᠤ᠂ ᠬᠠᠷᠢᠯᠴᠠᠬᠤ ᠠᠷᠭ᠎ᠠ ᠬᠡᠯᠪᠡᠷᠢ | 1. ᠨᠡᠷ᠎ᠡ ᠮᠡᠳᠡᠭᠦᠯᠬᠦ ᠴᠠᠭ᠄ 2022 ᠣᠨ ᠤ 4 ᠰᠠᠷ᠎ᠠ ᠶᠢᠨ 6 ᠤ ᠡᠳᠦᠷ ᠠᠴᠠ 5 ᠰᠠᠷ᠎ᠠ ᠶᠢᠨ 31 ᠤ | ᠡᠳᠦᠷ ᠪᠣᠯᠲᠠᠯ᠎ᠠ᠃ | 2. ᠨᠡᠷ᠎ᠡ ᠮᠡᠳᠡᠭᠦᠯᠬᠦ ᠭᠠᠵᠠᠷ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠲᠣᠭᠠᠴᠢᠯᠠᠭᠰᠠᠨ ᠠᠵᠤ ᠦᠢᠯᠡᠰ ᠤᠨ ᠬᠦᠷᠢᠶᠡᠯᠡᠩ ᠤᠨ | ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠡᠯᠡᠳᠬᠡᠯ ᠤᠨ | ᠭᠠᠵᠠᠷ ︵ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠠᠷᠳᠠᠩ ᠶᠡᠭᠡ ᠵᠠᠮ ᠤᠨ ᠪᠠᠷᠠᠭᠤᠨ᠂ ᠬᠤᠤ ᠱᠧᠩ | ᠪᠠᠭᠤᠳᠠᠯ ᠤᠨ ᠡᠮᠦᠨ᠎ᠡ 500 ᠮᠧᠳ᠋ᠷ︶᠃ 3. ᠬᠠᠷᠢᠯᠴᠠᠬᠤ ᠬᠥᠮᠥᠨ | ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠄ ᠴᠢᠶᠣᠤ ᠦ᠋ | ᠤᠲᠠᠰᠤ 18648050333᠃ | ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠄ ᠵᠣᠣ ᠳ᠋ᠠ ᠫᠧᠩ | ᠤᠲᠠᠰᠤ 18647452069᠃ | ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ | 2022 ᠣᠨ ᠤ 4 ᠰᠠᠷ᠎ᠠ ᠶᠢᠨ 6 ᠤ ᠡᠳᠦᠷ | | |