ᠡᠨᠡ ᠵᠢᠯ ᠨᠡᠶᠢᠭᠡᠮ ᠤᠨ ᠪᠠᠲᠤᠯᠠᠭ᠎ᠠ ᠳᠤ 5 ᠶᠡᠭᠡ ᠰᠢᠨ᠎ᠡ ᠬᠤᠪᠢᠷᠠᠯᠲᠠ ᠭᠠᠷᠬᠤ ᠪᠣᠯᠤᠨ᠎ᠠ
ᠨᠡᠶᠢᠲᠡᠯᠡᠭᠰᠡᠨ ᠴᠠᠭ᠄
2022/5/23
                        ᠨᠡᠶᠢᠭᠡᠮ ᠤᠨ ᠪᠠᠲᠤᠯᠠᠭ᠎ᠠ ᠲᠦᠭ ᠲᠦᠮᠡᠨ ᠠᠶᠢᠯ ᠡᠷᠦᠬᠡ ᠳᠤ ᠬᠤᠯᠪᠣᠭᠳᠠᠨ᠎ᠠ᠃ ᠡᠨᠡ ᠵᠢᠯ ᠲᠠ ᠪᠢᠳᠡᠨ ᠤ ᠨᠡᠶᠢᠭᠡᠮ ᠤᠨ ᠪᠠᠲᠤᠯᠠᠭ᠎ᠠ ᠳᠤ ᠣᠯᠠᠨ ᠵᠦᠢᠯ ᠤᠨ ᠰᠢᠨ᠎ᠡ ᠬᠤᠪᠢᠷᠠᠯᠲᠠ ᠭᠠᠷᠬᠤ ᠪᠣᠯᠤᠨ᠎ᠠ᠃      ᠬᠤᠪᠢᠷᠠᠯᠲᠠ ᠨᠢᠭᠡ᠄ ᠲᠥᠷᠥ ᠶᠢᠨ ᠶᠠᠪᠤᠳᠠᠯ ᠤᠨ ᠬᠤᠷᠢᠶᠠᠨ ᠤ ᠣᠶᠢᠷ᠎ᠠ ᠳᠤ ᠳᠠᠷᠤᠮᠠᠯᠯᠠᠨ ᠲᠠᠷᠬᠠᠭᠠᠭᠰᠠᠨ ︽︿ᠵᠠᠰᠠᠭ ᠤᠨ ᠣᠷᠳᠣᠨ ᠤ ᠠᠵᠢᠯ ᠤᠨ ᠢᠯᠡᠳᠬᠡᠯ﹀ ᠤᠨ ᠭᠤᠤᠯᠳᠠᠯᠭ᠎ᠠ ᠲᠠᠢ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠬᠤ ᠲᠤᠬᠠᠶ ᠰᠠᠨᠠᠯ︾ ᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠪᠣᠯᠤᠨ ᠡᠳ᠋ ᠤᠨ ᠵᠠᠰᠠᠭ ᠤᠨ ᠶᠠᠮᠤᠨ ᠲᠦᠷᠦᠭᠦᠯᠡᠨ᠂ 6 ᠰᠠᠷ᠎ᠠ ᠶᠢᠨ ᠡᠴᠦᠰ ᠠᠴᠠ ᠡᠮᠦᠨ᠎ᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠨᠡᠶᠢᠲᠡᠯᠡᠬᠦᠬᠡᠷᠡᠭᠲᠡᠶ ᠭᠡᠵᠦ ᠱᠠᠭᠠᠷᠳᠠᠪᠠ᠃       ᠬᠤᠪᠢᠷᠠᠯᠲᠠ ᠬᠤᠶᠠᠷ᠄ ᠱᠠᠭᠠᠷᠳᠠᠯᠭ᠎ᠠ ᠶᠢ ᠦᠨᠳᠦᠰᠦᠯᠡᠪᠡᠯ᠂ ᠮᠤᠵᠢ ᠠᠯᠤᠰᠯᠠᠨ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠠᠷᠭ᠎ᠠ ᠶᠢ ᠲᠡᠭᠦᠯᠳᠡᠷᠵᠢᠭᠦᠯᠵᠦ᠂ 6 ᠰᠠᠷ᠎ᠠ ᠶᠢᠨ ᠡᠴᠦᠰ ᠠᠴᠠ ᠡᠮᠦᠨ᠎ᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠡᠶᠢᠲᠡᠯᠡᠨ᠎ᠡ᠃ ᠠᠷᠠᠳ ᠣᠯᠠᠨ ᠤ ᠤᠨᠳᠤᠤ ᠭᠠᠵᠠᠷ ᠲᠤ ᠡᠪᠡᠳᠴᠢᠨ ᠦᠵᠡᠭᠦᠯᠬᠦ ᠳᠤ ᠲᠠᠩᠰᠠ ᠲᠠᠶᠢᠯᠬᠤ ᠭᠠᠷ ᠭᠦᠢᠴᠡᠳᠭᠡᠯ ᠢ ᠨᠠᠩ ᠲᠥᠬᠦᠮ ᠪᠣᠯᠭᠠᠬᠤ ᠨᠢ ᠲᠥᠷᠥ ᠶᠢᠨ ᠪᠣᠳᠣᠯᠭ᠎ᠠ ᠶᠢᠨ ᠬᠦᠴᠦᠯᠡᠬᠦ ᠴᠢᠭᠯᠡᠯ ᠪᠣᠯᠬᠤ ᠨᠢ ᠲᠠᠮᠵᠢᠭ ᠥᠬᠡᠶ ᠶᠤᠮ᠃ ᠣᠳᠣᠬᠠᠨ ᠳᠤ ᠡᠮᠨᠡᠯᠭᠡ ᠳᠤ ᠰᠠᠭᠤᠭᠰᠠᠨ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠶᠠᠪᠤᠳᠠᠯ ᠨᠢᠭᠡᠨᠲᠡ ᠪᠥᠬᠦ ᠤᠯᠤᠰ ᠤᠨ ᠪᠣᠶ ᠪᠥᠬᠦᠶ ᠮᠤᠵᠢ ᠣᠷᠣᠨ ᠢ ᠬᠠᠮᠤᠷᠤᠭᠰᠠᠨ ᠪᠠᠶᠢᠨ᠎ᠠ᠃ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠪᠡ᠃       ᠬᠤᠪᠢᠷᠠᠯᠲᠠ ᠭᠤᠷᠪᠠ᠄ ᠪᠠᠶᠢᠷᠢᠯᠠᠭᠤᠯᠤᠯᠲᠠ ᠶᠢ ᠦᠨᠳᠦᠰᠦᠯᠡᠪᠡᠯ᠂ ︽ᠭᠤᠷᠪᠠᠳᠤᠭᠠᠷ ᠲᠤᠯᠭᠠᠭᠤᠷᠢ ᠪᠣᠯᠬᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠦᠷᠭᠦᠯᠵᠢᠯᠡᠨ ᠵᠢᠷᠤᠮᠵᠢᠭᠤᠯᠤᠨ ᠬᠥᠭᠵᠢᠭᠦᠯᠬᠦ︾ ᠡᠨᠡ ᠬᠦ ᠠᠵᠢᠯ ᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠦᠷᠦᠭᠦᠯᠡᠨ ᠬᠢᠵᠦ᠂ 4 ᠰᠠᠷ᠎ᠠ ᠶᠢᠨ ᠡᠴᠦᠰ ᠠᠴᠠ ᠡᠮᠦᠨ᠎ᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠨᠡᠶᠢᠲᠡᠯᠡᠨ᠎ᠡ᠃       ᠬᠤᠪᠢᠷᠠᠯᠲᠠ ᠲᠦᠷᠪᠡ᠄ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠨ᠂ 12 ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠬᠡᠷᠡᠭᠯᠡᠬᠦ ᠬᠡᠪᠴᠢᠶ᠎ᠡ ᠶᠢ ᠦᠨᠳᠦᠰᠦᠨ ᠳᠡᠭᠡᠨ ᠨᠢᠭᠡᠳᠦᠯᠲᠡᠶ ᠪᠣᠯᠭᠠᠬᠤ ᠬᠠᠮᠢᠶ᠎ᠠ ᠪᠥᠬᠦᠶ ᠠᠵᠢᠯ ᠢ ᠪᠡᠶᠡᠯᠡᠭᠦᠯᠦᠨ᠎ᠡ᠃ ᠡᠨᠡ ᠨᠢ ᠪᠥᠬᠦ ᠤᠯᠤᠰ ᠤᠨ ᠡᠮ ᠡᠮᠨᠡᠯᠭᠡ ᠶᠢᠨ ᠲᠠᠭᠠᠳᠬᠠᠯ ᠤᠨ ᠡᠮ ᠤᠨ ᠵᠥᠢᠯ ᠤᠨ ᠦᠨᠳᠦᠰᠦᠨ ᠨᠢᠭᠡᠳᠦᠯᠲᠡᠶ ᠭᠠᠷᠴᠠᠭ ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ ᠶᠢ ᠬᠠᠷᠠᠭᠤᠯᠵᠤ ᠪᠠᠶᠢᠨ᠎ᠠ᠂ ᠡᠯ᠎ᠡ ᠭᠠᠵᠠᠷ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠳᠥᠯᠥᠬᠦ ᠬᠡᠪᠴᠢᠶᠡᠨ ᠳ᠋ᠤ᠋ ᠣᠷᠣᠭᠤᠯᠤᠭᠰᠠᠨ ᠬᠢᠮᠢ ᠶᠢᠨ ᠡᠮ ᠪᠠ ᠬᠢᠲᠠᠳ ᠪᠡᠯᠡᠨ ᠡᠮ ᠨᠢ ᠦᠨᠳᠦᠰᠦᠨ ᠳᠡᠭᠡᠨ ᠨᠢᠭᠡᠳᠦᠯᠲᠡᠶ ᠪᠣᠯᠤᠨ᠎ᠠ᠃    ᠬᠤᠪᠢᠷᠠᠯᠲᠠ ᠲᠠᠪᠤ᠄ ᠠᠵᠢᠯ ᠤᠨ ᠭᠡᠮᠲᠦᠯ ᠤᠨ ᠪᠠᠲᠤᠯᠠᠭ᠎ᠠ ᠭᠡᠳᠡᠭ ᠨᠢ ᠵᠠᠬᠢᠶᠠᠯᠠᠭ᠎ᠠ ᠶᠢᠨ ᠬᠤᠭᠤᠯᠠ ᠬᠦᠷᠭᠡᠭᠴᠢ᠂ ᠰᠦᠯᠵᠢᠶᠡᠨ ᠳᠡᠭᠡᠷ᠎ᠡ ᠪᠣᠯᠵᠣᠭᠰᠠᠨ ᠲᠡᠷᠭᠡᠨ ᠤ ᠵᠢᠯᠣᠭᠤᠴᠢ ᠵᠡᠷᠭᠡ ᠳᠤ ᠵᠤᠷᠢᠭᠤᠯᠤᠭᠰᠠᠨ ︽ᠰᠢᠨ᠎ᠡ ᠬᠡᠯᠪᠡᠷᠢ ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ︾ ᠪᠣᠯᠤᠨ᠎ᠠ᠃ ︽︿ᠵᠠᠰᠠᠭ ᠤᠨ ᠣᠷᠳᠣᠨ ᠤ ᠠᠵᠢᠯ ᠤᠨ ᠢᠯᠡᠳᠬᠡᠯ﹀ ᠤᠨ ᠭᠤᠤᠯᠳᠠᠯᠭ᠎ᠠ ᠲᠠᠢ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠬᠤ ᠲᠤᠬᠠᠶ ᠰᠠᠨᠠᠯ︾ ᠳᠤ᠂ ᠠᠵᠢᠯ ᠣᠯᠭᠤᠯᠲᠠ ᠶᠢᠨ ᠠᠮᠢᠳᠤᠯᠢᠭ ᠦᠢᠯᠡᠴᠢᠯᠡᠭᠡ ᠶᠢ ᠴᠢᠩᠭᠠᠳᠬᠠᠵᠤ᠂ ᠠᠵᠢᠯ ᠣᠯᠭᠤᠯᠲᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠤᠨ ᠠᠵᠢᠯ ᠮᠡᠷᠭᠡᠵᠢᠯ ᠤᠨ ᠭᠡᠮᠲᠦᠯ ᠤᠨ ᠪᠠᠲᠤᠯᠠᠭ᠎ᠠ ᠶᠢᠨ ᠲᠤᠷᠰᠢᠯᠲᠠ ᠶᠢ ᠥᠷᠨᠢᠭᠦᠯᠵᠦ᠂ ᠡᠨᠡ ᠵᠢᠯ ᠦᠷᠭᠦᠯᠵᠢᠯᠡᠨ ᠠᠬᠢᠭᠤᠯᠤᠨ᠎ᠠ᠃      
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号