ᠠᠯᠪᠠᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠳᠣᠲᠣᠭᠠᠳᠤ ᠶᠢᠨ ᠲᠡᠷᠭᠡᠨ ᠵᠣᠭᠰᠣᠭᠠᠯ ᠢ ᠦᠨ᠎ᠡ ᠲᠥᠯᠥᠪᠦᠷᠢ ᠦᠭᠡᠢ ᠭᠠᠳᠠᠭᠰᠢ ᠨᠡᠭᠡᠭᠡᠬᠦ ᠲᠤᠬᠠᠶ ᠵᠠᠷᠯᠠᠯ ︵2 ᠳ᠋ᠤᠭᠠᠷ ᠨᠣᠮᠧᠷᠲᠣ︶
ᠨᠡᠶᠢᠲᠡᠯᠡᠭᠰᠡᠨ ᠴᠠᠭ᠄
2022/6/21
          ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠠᠬᠢᠭᠤᠯᠵᠤ᠂ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠣᠲᠣ ᠶᠢᠨ ᠪᠠᠶᠢᠭ᠎ᠠ ᠳᠣᠲᠣᠭᠠᠳᠤ ᠶᠢᠨ ᠲᠡᠷᠭᠡᠨ ᠵᠣᠭᠰᠣᠭᠠᠯ ᠤᠨ ᠭᠠᠵᠠᠷ ᠤᠨ ᠲᠡᠷᠭᠡ ᠵᠣᠭᠰᠣᠬᠤ ᠳᠠᠯᠳᠠ ᠬᠦᠴᠦᠨ ᠢ ᠭᠦᠢᠴᠡᠳ ᠪᠠᠳᠠᠷᠠᠭᠤᠯᠤᠨ᠂ ᠣᠯᠠᠨ ᠲᠦᠮᠡᠨ ᠤ ᠲᠡᠷᠭᠡ ᠵᠣᠭᠰᠣᠬᠤ ᠬᠡᠷᠡᠭᠴᠡᠭᠡ ᠶᠢ ᠬᠠᠩᠭᠠᠵᠤ᠂ ᠲᠡᠷᠭᠡ ᠵᠣᠭᠰᠣᠬᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠬᠤ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠣᠨ ᠠᠴᠠ 2022 ᠣᠨ ᠤ 2 ᠰᠠᠷ᠎ᠠ ᠶᠢᠨ 28 ᠤ ᠡᠳᠦᠷ ᠠᠴᠠ ᠡᠬᠢᠯᠡᠨ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ 23 ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠳᠣᠲᠣᠭᠠᠳᠤ ᠶᠢᠨ ᠲᠡᠷᠭᠡᠨ ᠵᠣᠭᠰᠣᠭᠠᠯ ᠤᠨ ᠭᠠᠵᠠᠷ ᠲᠤ ᠠᠮᠠᠷᠠᠯᠲᠠ ᠶᠢᠨ ᠡᠳᠦᠷ ᠢ  ᠰᠦᠢᠳᠭᠡᠯ ᠬᠤᠷᠢᠶᠠᠬᠤ ᠥᠬᠡᠶ ᠪᠠᠷ ᠣᠯᠠᠨ ᠨᠡᠶᠢᠲᠡ ᠳᠤ ᠨᠡᠭᠡᠭᠡᠬᠦ ᠪᠠᠷ ᠰᠤᠳᠤᠯᠤᠨ ᠲᠣᠭᠲᠠᠭᠠᠪᠠ᠃     1. ᠠᠵᠢᠯᠯᠠᠬᠤ ᠡᠳᠦᠷ᠄ ᠵᠠᠷᠴᠢᠮ ᠳᠡᠭᠡᠷ᠎ᠡ ᠪᠠᠨ ᠰᠥᠨᠢ ᠪᠠᠷ ᠲᠡᠷᠭᠡ ᠵᠣᠭᠰᠣᠭᠠᠬᠤ ᠴᠠᠭ ᠨᠢ ᠡᠳᠦᠷ ᠪᠦᠷᠢ ᠶᠢᠨ ᠤᠷᠤᠢ ᠶᠢᠨ 19᠄ 00— ᠲᠡᠷᠠᠭ᠎ᠠ ᠡᠳᠦᠷ ᠤᠨ ᠥᠷᠯᠥᠭᠡ ᠶᠢᠨ 7᠄ 30 ᠪᠠᠶᠢᠵᠤ᠂ ᠶᠠᠪᠤᠬᠤ ᠴᠠᠭ ᠨᠢ ᠲᠡᠷᠠᠭ᠎ᠠ ᠡᠳᠦᠷ ᠤᠨ ᠥᠷᠯᠥᠭᠡ ᠶᠢᠨ 7᠄ 30 ᠠᠴᠠ ᠡᠮᠦᠨ᠎ᠡ ᠪᠠᠶᠢᠬᠤ ᠬᠡᠷᠡᠭᠲᠡᠶ᠃     2. ᠠᠮᠠᠷᠠᠯᠲᠠ ᠶᠢᠨ ᠡᠳᠦᠷ ︵ᠬᠤᠣᠰ ᠠᠮᠠᠷᠠᠯᠲᠠ ᠶᠢᠨ ᠡᠳᠦᠷ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ︶ ᠢ ᠵᠠᠷᠴᠢᠮ ᠳᠡᠭᠡᠷ᠎ᠡ ᠪᠠᠨ ᠪᠦᠬᠦᠯᠢ ᠡᠳᠦᠷ ᠢᠶᠠᠷ ᠨᠡᠭᠡᠭᠡᠨ᠎ᠡ᠂ ᠬᠡᠷᠪᠡ ᠲᠠᠷᠠᠭ᠎ᠠ ᠡᠳᠦᠷ ᠨᠢ ᠠᠵᠢᠯᠯᠠᠬᠤ ᠡᠳᠦᠷ ᠪᠣᠯᠬᠤ ᠳᠤ ᠬᠦᠷᠪᠡᠯ᠂ ᠲᠤᠰ ᠡᠳᠦᠷ ᠤᠨ ᠤᠷᠤᠢ ᠶᠢᠨ 22 ᠴᠠᠭ ᠠᠴᠠ ᠡᠮᠦᠨ᠎ᠡ ᠰᠠᠯᠵᠤ ᠶᠠᠪᠤᠬᠤ ᠬᠡᠷᠡᠭᠳᠡᠢ᠃    3. ᠠᠯᠪᠠᠨ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠳᠣᠲᠣᠭᠠᠳᠤ ᠲᠡᠷᠭᠡᠨ ᠵᠣᠭᠰᠣᠭᠠᠯ ᠲᠤ ᠬᠡᠷᠪᠡ ᠪᠤᠰᠤᠳ ᠣᠨᠴᠣᠭᠤᠶ ᠰᠢᠯᠲᠠᠭᠠᠨ ᠲᠠᠢ ᠪᠣᠯ ᠨᠢᠭᠡᠴᠡ ᠶᠢᠨ ᠪᠣᠳᠠᠲᠠᠶ ᠲᠣᠭᠲᠠᠭᠠᠭᠰᠠᠨ ᠨᠡᠭᠡᠭᠡᠬᠦ ᠴᠠᠭ ᠢᠶᠠᠷ ᠪᠠᠷᠢᠮᠵᠢᠶ᠎ᠠ ᠪᠣᠯᠭᠠᠵᠤ ᠪᠣᠯᠤᠨ᠎ᠠ᠃    4. ᠬᠡᠷᠪᠡ ᠨᠢᠭᠡᠴᠡ ᠶᠢᠨ ᠴᠢᠬᠤᠯᠠ ᠶᠡᠭᠡ ᠠᠵᠢᠯᠯᠠᠭ᠎ᠠ ᠵᠡᠷᠭᠡ ᠣᠨᠴᠣᠭᠤᠶ ᠪᠠᠶᠢᠳᠠᠯ ᠲᠣᠬᠢᠶᠠᠯᠳᠤᠪᠠᠯ᠂ ᠳᠣᠲᠣᠭᠠᠳᠤ ᠶᠢᠨ ᠲᠡᠷᠭᠡᠨ ᠵᠣᠭᠰᠣᠭᠠᠯ ᠤᠨ ᠰᠦᠢᠳᠭᠡᠯ ᠬᠤᠷᠢᠶᠠᠬᠤ ᠥᠬᠡᠶ ᠪᠠᠷ ᠪᠤᠷᠤᠭᠤ ᠴᠠᠭ ᠲᠤ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠶᠢ ᠲᠦᠷ ᠴᠠᠭ ᠬᠦᠴᠦᠨ ᠥᠬᠡᠶ ᠪᠣᠯᠭᠠᠵᠤ ᠪᠣᠯᠤᠨ᠎ᠠ᠃      ᠬᠤᠶᠡᠷ᠂ ᠨᠡᠭᠡᠭᠡᠯᠳᠡ ᠬᠢᠬᠦ ᠬᠡᠪᠴᠢᠶ᠎ᠡ    ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠬᠦᠷᠢᠶᠡᠯᠡᠩ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠵᠠᠰᠠᠭ ᠤᠨ ᠶᠠᠪᠤᠳᠠᠯ ᠤᠨ ᠲᠥᠪ ᠤᠨ ᠲᠣᠮᠣ ᠠᠰᠠᠷ᠂ ᠬᠦᠭᠡᠪᠦᠷ ᠪᠠᠯᠭᠠᠰᠤᠨ ᠤ ᠵᠠᠰᠠᠭ ᠤᠨ ᠣᠷᠳᠣᠨ᠂ ᠢᠦᠶ ᠷᠧᠨ ᠨᠡᠶᠢᠭᠡᠮ ᠲᠣᠭᠤᠷᠢᠭ ︵ ᠨᠢᠭᠡᠳᠣᠭᠡᠷ ᠨᠡᠶᠢᠭᠡᠮ ᠲᠣᠭᠤᠷᠢᠭ︶᠂ ᠰᠢᠩ ᠯᠦᠩ ᠨᠡᠶᠢᠭᠡᠮ ᠲᠣᠭᠤᠷᠢᠭ ︵ᠲᠠᠪᠣᠳᠣᠭᠠᠷ ᠨᠡᠶᠢᠭᠡᠮ ᠲᠣᠭᠤᠷᠢᠭ︶᠂ ᠵᠢᠶᠠ ᠶᠤᠸᠠᠨ ᠨᠡᠶᠢᠭᠡᠮ ᠲᠣᠭᠤᠷᠢᠭ ︵ᠵᠢᠷᠭᠤᠳᠣᠭᠠᠷ ᠨᠡᠶᠢᠭᠡᠮ ᠲᠣᠭᠤᠷᠢᠭ︶᠂ ᠴᠢᠶᠠᠨ ᠰᠢ ᠨᠡᠶᠢᠭᠡᠮ ᠲᠣᠭᠤᠷᠢᠭ ︵ ᠲᠣᠯᠣᠳᠣᠭᠠᠷ ᠨᠡᠶᠢᠭᠡᠮ ᠲᠣᠭᠤᠷᠢᠭ︶᠂ ᠲᠤᠤ ᠶᠤᠸᠠᠨ ᠨᠡᠶᠢᠭᠡᠮ ᠲᠣᠭᠤᠷᠢᠭ ︵ ᠨᠠᠢᠮᠠᠳᠣᠭᠠᠷ ᠨᠡᠶᠢᠭᠡᠮ ᠲᠣᠭᠤᠷᠢᠭ︶᠂ ᠢ ᠳ᠋ᠦᠩ ᠺᠣᠮᠫᠠᠨᠢ᠂ ᠰᠢᠨᠬᠤᠸᠠ ᠨᠣᠮ ᠤᠨ ᠳᠡᠯᠭᠡᠭᠦᠷ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠵᠡᠷᠭᠡ 23 ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠳᠣᠲᠣᠭᠠᠳᠤ ᠶᠢᠨ ᠲᠡᠷᠭᠡ ᠵᠣᠭᠰᠣᠬᠤ ᠲᠠᠯᠠᠪᠠᠶ᠃        ᠭᠤᠷᠪᠡ᠂ ᠨᠡᠭᠡᠭᠡᠯᠳᠡ ᠬᠢᠬᠦ ᠡᠲᠡᠭᠡᠳ       ᠵᠣᠭᠰᠣᠭᠠᠵᠤ ᠪᠣᠯᠬᠤ ᠲᠡᠷᠭᠡᠨ ᠤ ᠬᠡᠯᠪᠡᠷᠢ ᠨᠢ ᠰᠠᠭᠤᠳᠠᠯ ᠤᠨ ᠮᠠᠰᠢᠨ᠂ ᠬᠡᠭᠡᠷ᠎ᠡ ᠶᠢᠨ ᠮᠠᠰᠢᠨ ᠵᠡᠷᠭᠡ 7 ᠰᠠᠭᠤᠳᠠᠯ ᠠᠴᠠ ᠳᠣᠷᠣᠭᠰᠢ ︵7 ᠰᠠᠭᠤᠳᠠᠯ ᠢ ᠪᠠᠭᠲᠠᠭᠠᠨ᠎ᠠ︶ ᠠᠶᠠᠨᠴᠢᠳ ᠤᠨ ᠮᠠᠰᠢᠨ ᠲᠡᠷᠭᠡ︔ ᠪᠠᠷᠠᠭ᠎ᠠ ᠲᠡᠭᠡᠭᠡᠬᠦ ᠮᠠᠰᠢᠨ ᠲᠡᠷᠭᠡ᠂ 7 ᠰᠠᠭᠤᠳᠠᠯ ᠠᠴᠠ ᠳᠡᠭᠡᠭᠰᠢᠬᠢ ᠠᠶᠠᠨᠴᠢᠳ ᠤᠨ ᠲᠡᠷᠭᠡ ᠵᠢᠴᠢ ᠪᠤᠰᠤᠳ ᠣᠨᠴᠠ ᠲᠦᠷᠦᠯ ᠤᠨ ᠲᠡᠷᠭᠡ ᠶᠢ ᠵᠣᠭᠰᠣᠭᠠᠬᠤ ᠶᠢ ᠴᠠᠭᠠᠵᠠᠯᠠᠨ᠎ᠠ᠃       ᠳᠥᠷᠪᠡ᠂ ᠬᠠᠮᠢᠶᠠᠷᠤᠯᠲᠠ ᠶᠢᠨ ᠲᠣᠭᠲᠠᠭᠠᠯ     1. ᠨᠡᠶᠢᠭᠡᠮ ᠤᠨ ᠮᠠᠰᠢᠨ ᠲᠡᠷᠭᠡ ᠲᠡᠷᠭᠡᠨ ᠵᠣᠭᠰᠣᠭᠠᠯ ᠳᠤ ᠣᠷᠣᠬᠤ ᠦᠶ᠎ᠡ ᠳᠤ ᠵᠢᠯᠣᠭᠤᠴᠢ ᠶᠢᠨ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠲᠡᠷᠭᠡᠨ ᠫᠠᠶᠢᠰᠠ ᠶᠢᠨ ᠨᠣᠮᠧᠷ᠂ ᠤᠲᠠᠰᠤᠨ ᠨᠣᠮᠧᠷ ᠵᠡᠷᠭᠡ ᠮᠡᠳᠡᠭᠡ ᠵᠠᠩᠭᠢ ᠶᠢ ᠲᠡᠮᠳᠡᠭᠯᠡᠬᠦ ᠬᠡᠷᠡᠭᠲᠡᠶ᠃      2. ᠴᠠᠭ ᠠᠴᠠ ᠬᠡᠲᠦᠷᠡᠭᠦᠯᠦᠨ ᠵᠣᠭᠰᠣᠭᠠᠭᠰᠠᠨ᠂ ᠬᠠᠮᠢᠶᠠᠷᠤᠯᠲᠠ ᠶᠢ ᠳᠠᠭᠠᠬᠤ ᠥᠬᠡᠶ᠂ ᠨᠢᠭᠡᠴᠡ ᠶᠢᠨ ᠬᠡᠪ ᠤᠨ ᠡᠮᠬᠢ ᠵᠢᠷᠤᠮ ᠢ ᠨᠥᠯᠥᠭᠡᠯᠡᠭᠰᠡᠨ ᠵᠡᠷᠭᠡ ᠪᠠᠶᠢᠳᠠᠯ ᠳᠤ ᠴᠢᠭᠯᠡᠭᠦᠯᠦᠨ᠂ ᠠᠵᠢᠯᠲᠠᠨ ᠲᠡᠳᠡᠨ ᠤ ᠲᠡᠷᠭᠡ ᠵᠣᠭᠰᠣᠭᠠᠬᠤ ᠱᠠᠭᠠᠷᠳᠠᠯᠭ᠎ᠠ ᠶᠢ ᠲᠡᠪᠴᠢᠬᠦ ᠡᠷᠬᠡ ᠲᠠᠢ᠂ ᠴᠢᠬᠤᠯᠠ ᠲᠠᠢ ᠦᠶ᠎ᠡ ᠳᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠮᠡᠳᠡᠭᠦᠯᠵᠦ ᠠᠯᠪᠠᠳᠠᠯᠭ᠎ᠠ ᠪᠠᠷ ᠴᠢᠷᠦᠭᠦᠯᠦᠨ ᠰᠢᠯᠵᠢᠭᠦᠯᠬᠦ ᠶᠢᠨ ᠬᠠᠮᠲᠤ ᠬᠠᠷ᠎ᠠ ᠲᠠᠩᠰᠠᠨ ᠳᠤ ᠣᠷᠣᠭᠤᠯᠤᠨ᠎ᠠ᠃ ᠬᠠᠷ᠎ᠠ ᠳᠠᠩᠰᠠᠨ ᠳᠤ ᠤᠷᠤᠭᠰᠠᠨ ᠲᠡᠷᠭᠡ ᠬᠤᠯᠪᠣᠭᠳᠠᠯ ᠪᠦᠬᠦᠢ ᠲᠡᠷᠭᠡᠨ ᠵᠣᠭᠰᠣᠭᠠᠯ ᠳᠤ ᠣᠷᠣᠵᠤ ᠪᠣᠯᠬᠤ ᠦᠭᠡᠶ᠃      3.ᠰᠦᠢᠳᠬᠡᠯ ᠬᠤᠷᠢᠶᠠᠬᠤ ᠦᠭᠡᠢ ᠪᠠᠷ ᠪᠤᠷᠤᠭᠤ ᠴᠠᠭ ᠲᠤ ᠭᠠᠳᠠᠭᠰᠢ ᠨᠡᠭᠡᠭᠡᠭᠰᠡᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠳᠣᠲᠣᠭᠠᠳᠤ ᠶᠢᠨ ᠲᠡᠷᠭᠡᠨ ᠵᠣᠭᠰᠣᠭᠠᠯ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠡᠷᠭᠡᠨ ᠵᠣᠭᠰᠣᠭᠠᠯ ᠤᠨ ᠭᠠᠵᠠᠷ ᠲᠤ ᠬᠠᠷᠢᠶᠠᠯᠠᠭᠳᠠᠵᠤ᠂ ᠲᠡᠷᠭᠡ ᠬᠥᠰᠬᠡ ᠬᠤᠯᠠᠭᠠᠶᠢᠯᠠᠭᠳᠠᠭᠰᠠᠨ᠂ ᠡ᠊ᠨᠳᠡᠯ ᠠᠴᠠ ᠪᠤᠯᠵᠤ ᠡᠪᠳᠡᠷᠡᠵᠦ ᠰᠦᠢᠳᠦᠭᠰᠡᠨ ᠵᠡᠷᠭᠡ ᠠᠴᠠ ᠪᠣᠯᠤᠭᠰᠠᠨ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠦᠭᠡᠢ᠃    4. ᠲᠡᠷᠭᠡᠨ ᠵᠣᠭᠰᠣᠭᠠᠯ ᠤᠨ ᠲᠥᠬᠦᠭᠡᠷᠦᠮᠵᠢ ᠵᠢᠴᠢ ᠪᠤᠰᠤᠳ ᠤᠯᠠᠨ ᠨᠡᠶᠢᠲᠡ ᠶᠢᠨ ᠲᠥᠬᠦᠭᠡᠷᠦᠮᠵᠢ ᠶᠢ ᠡᠪᠳᠡᠪᠡᠯ᠂ ᠤᠭ ᠤᠨ ᠪᠠᠶᠢᠳᠠᠯ ᠢ ᠨᠢ ᠰᠡᠷᠭᠦᠭᠡᠬᠦ ᠪᠤᠶᠤ ᠤᠭ ᠦᠨ᠎ᠡ ᠪᠠᠷ ᠨᠢ ᠲᠦᠯᠦᠬᠦ ᠬᠡᠷᠡᠭᠲᠡᠶ᠃                       ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ                                2022 ᠣᠨ ᠤ 2 ᠰᠠᠷ᠎ᠠ ᠶᠢᠨ 28 ᠤ ᠡᠳᠣᠷ                       ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ          ᠣᠷᠴᠢᠭᠤᠯᠣᠨᠨᠴᠢ᠄  ᠭᠧ ᠲᠣᠸᠠᠨ ᠯᠢᠶᠡᠨ  
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号