ᠴᠠᠭ ᠲᠤᠨᠢ ᠲᠣᠬᠢᠷᠠᠭᠤᠯᠤᠨ ᠰᠦᠢᠳᠬᠡᠯ ᠬᠤᠷᠢᠶᠠᠬᠤ ᠦᠭᠡᠢ ᠪᠠᠷ ᠨᠡᠶᠢᠭᠡᠮ ᠤᠨ ᠮᠠᠰᠢᠨ ᠲᠡᠷᠭᠡᠨ ᠳᠤ ᠳᠣᠲᠣᠭᠠᠳᠤ ᠶᠢᠨ ᠲᠡᠷᠭᠡᠨ ᠵᠣᠭᠰᠣᠭᠠᠯ ᠢ ᠨᠡᠭᠡᠭᠡᠬᠦ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2022/6/21
              ᠡᠯ᠎ᠡ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ᠄     ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠠᠬᠢᠭᠤᠯᠬᠤ ᠶᠢᠨ ᠲᠥᠯᠥᠭᠡ᠂ ᠣᠳᠣ ᠪᠠᠶᠢᠭ᠎ᠠ ᠨᠡᠶᠢᠭᠡᠮ ᠤᠨ ᠲᠡᠷᠭᠡ ᠵᠣᠭᠰᠣᠬᠤ ᠡᠬᠢ ᠪᠠᠶᠠᠯᠢᠭ ᠢ ᠭᠦᠢᠴᠡᠳ ᠠᠭᠤᠳᠠᠯᠤᠨ ᠵᠦᠶ ᠵᠣᠬᠢᠰᠲᠠᠶ ᠠᠰᠢᠭᠯᠠᠵᠤ᠂ ᠲᠡᠷᠭᠡ ᠵᠣᠭᠰᠣᠬᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠤᠨ᠂ ᠬᠤᠲᠠ ᠶᠢᠨ ᠲᠣᠭᠤᠷᠢᠭ ᠤᠨ ᠲᠡᠷᠭᠡ ᠵᠣᠭᠰᠣᠬᠤ ᠪᠠ ᠲᠡᠷᠭᠡ ᠵᠣᠭᠰᠣᠬᠤ ᠳᠤ ᠬᠦᠴᠢᠷ ᠪᠠᠶᠢᠬᠤ ᠦᠵᠡᠭᠳᠡᠯ ᠢ ᠪᠦᠲᠦᠮᠵᠢᠲᠡᠶ ᠰᠠᠶᠢᠵᠢᠷᠠᠭᠤᠯᠵᠤ᠂ ᠬᠤᠲᠠ ᠶᠢᠨ ᠠᠷᠠᠳ ᠲᠤ ᠳᠥᠭᠦᠮ ᠳᠥᠲᠡ ᠣᠯᠠᠨ ᠨᠡᠶᠢᠲᠡ ᠶᠢᠨ ᠲᠡᠷᠭᠡ ᠵᠣᠭᠰᠣᠬᠤ ᠦᠢᠯᠡᠴᠢᠯᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠬᠤᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠪᠥᠬᠦ ᠬᠤᠰᠢᠭᠤᠨ ᠤ ᠡᠯ᠎ᠡ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠲᠤ ᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄     ᠨᠢᠭᠡ᠂ ᠡᠯ᠎ᠡ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠵᠡᠷᠭᠡ ᠴᠢᠯᠥᠭᠡᠲᠡᠶ ᠶᠠᠪᠤᠯᠴᠠᠬᠤ ᠨᠥᠬᠦᠴᠡᠯ ᠢ ᠪᠦᠷᠢᠯᠳᠦᠭᠦᠯᠦᠭᠰᠡᠨ ᠨᠢᠭᠡᠴᠡ ᠨᠦᠭᠦᠳ ᠨᠡᠶᠢᠭᠡᠮ ᠤᠨ ᠬᠠᠷᠢᠭᠤᠴᠠᠯᠭ᠎ᠠ ᠪᠠ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠠᠵᠢᠯᠯᠠᠬᠤ ᠴᠠᠭ ᠠᠴᠠ ᠭᠠᠳᠠᠨ᠎ᠠ ︵ᠰᠥᠨᠢ᠂ ᠪᠠᠶᠠᠷ ᠳᠤᠷᠠᠰᠬᠠᠯ ᠤᠨ ᠡᠳᠦᠷ︶ ᠨᠡᠶᠢᠭᠡᠮ ᠤᠨ ᠪᠣᠶ ᠪᠥᠬᠦᠶ ᠲᠡᠷᠭᠡ ᠬᠥᠰᠬᠡ ᠳᠤ ᠳᠣᠲᠣᠭᠠᠳᠤ ᠶᠢᠨ ᠲᠡᠷᠭᠡᠨ ᠵᠣᠭᠰᠣᠭᠠᠯ ᠢ ᠰᠦᠢᠳᠭᠡᠯ ᠬᠤᠷᠢᠶᠠᠬᠤ ᠥᠬᠡᠶ ᠪᠠᠷ ᠨᠡᠭᠡᠭᠡᠬᠦ ᠶᠢᠨ ᠬᠠᠮᠲᠤ᠂ ᠣᠷᠣᠵᠤ ᠭᠠᠷᠬᠤ ᠮᠡᠳᠡᠭᠡ ᠵᠠᠩᠭᠢ ᠶᠢ ᠳᠠᠩᠰᠠᠯᠠᠬᠤ ᠵᠡᠷᠭᠡ ᠡᠳᠦᠷ ᠲᠤᠲᠤᠮ ᠤᠨ ᠬᠠᠮᠢᠶᠠᠷᠤᠯᠲᠠ ᠶᠢᠨ ᠦᠢᠯᠡᠴᠢᠯᠡᠬᠡᠨ ᠤ ᠠᠵᠢᠯ ᠢ ᠰᠠᠶᠢᠲᠤᠷ ᠬᠢᠵᠦ᠂ ᠬᠤᠲᠠ ᠶᠢᠨ ᠠᠷᠠᠳ ᠲᠤ ᠲᠡᠷᠭᠡ ᠵᠣᠭᠰᠣᠬᠤ ᠠᠮᠤᠷ ᠲᠦᠪᠰᠢᠨ ᠪᠥᠭᠡᠳ ᠳᠥᠭᠦᠮ ᠳᠥᠲᠡ ᠣᠷᠴᠢᠨ ᠲᠣᠭᠤᠷᠢᠨ ᠢ ᠬᠠᠩᠭᠠᠬᠤ ᠬᠡᠷᠡᠭᠲᠡᠶ᠃    ᠬᠤᠶᠠᠷ᠂ ᠥᠷᠭᠡᠨ ᠣᠯᠠᠨ ᠬᠤᠲᠠ ᠶᠢᠨ ᠠᠷᠠᠳ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠪᠣᠯᠪᠠᠰᠤᠨ ᠢᠶᠠᠷ ᠶᠠᠪᠤᠵᠤ ᠰᠠᠭᠤᠬᠤ᠂ ᠲᠡᠷᠭᠡ ᠵᠣᠭᠰᠣᠭᠠᠬᠤ ᠶᠢ ᠵᠢᠷᠤᠮᠵᠢᠭᠤᠯᠬᠤ᠂ ᠰᠦᠢᠳᠭᠡᠯ ᠬᠤᠷᠢᠶᠠᠬᠤ ᠥᠬᠡᠶ ᠪᠠᠷ ᠵᠣᠭᠰᠣᠭᠠᠬᠤ ᠴᠠᠭ ᠢ ᠵᠥᠪᠬᠡᠨ ᠰᠥᠨᠢ᠂ ᠪᠠᠶᠠᠷ ᠳᠤᠷᠠᠰᠬᠠᠯ ᠤᠨ ᠡᠳᠦᠷ ᠢᠶᠠᠷ ᠬᠢᠵᠠᠭᠠᠷᠯᠠᠵᠤ᠂ ᠡᠯ᠎ᠡ ᠨᠢᠭᠡᠴᠡ ᠶᠢᠨ ᠲᠣᠭᠲᠠᠭᠠᠭᠰᠠᠨ ᠵᠣᠭᠰᠣᠭᠠᠬᠤ ᠴᠠᠭ ᠢ ᠴᠢᠩᠭ᠎ᠠ ᠵᠢᠷᠤᠮᠯᠠᠨ ᠵᠢᠷᠤᠮᠵᠢᠭᠤᠯᠤᠨ ᠵᠣᠭᠰᠣᠭᠠᠬᠤ ᠬᠡᠷᠡᠭᠲᠡᠶ᠂ ᠡᠯ᠎ᠡ ᠨᠢᠭᠡᠴᠡ ᠶᠢᠨ ᠬᠡᠪ ᠤᠨ ᠠᠵᠢᠯ ᠤᠨ ᠡᠮᠬᠢ ᠵᠢᠷᠤᠮ ᠢ ᠨᠥᠯᠥᠭᠡᠯᠡᠵᠦ ᠪᠣᠯᠬᠤ ᠥᠬᠡᠶ᠂ ᠣᠯᠠᠨ ᠨᠡᠶᠢᠲᠡ ᠶᠢᠨ ᠪᠡᠯᠡᠳᠬᠡᠮᠵᠢ ᠶᠢ ᠡᠪᠳᠡᠵᠦ ᠪᠣᠯᠬᠤ ᠥᠬᠡᠶ᠃ ᠨᠢᠭᠡᠴᠡ ᠶᠢᠨ ᠲᠡᠷᠭᠡᠨ ᠵᠣᠭᠰᠣᠭᠠᠯ ᠳᠤ ᠤᠷᠤᠭᠰᠠᠨ ᠤ ᠳᠠᠷᠠᠭ᠎ᠠ ᠲᠡᠷᠭᠡ ᠬᠥᠰᠬᠡ ᠪᠠᠨ ᠵᠢᠷᠤᠮᠵᠢᠯ ᠲᠠᠢ ᠡᠮᠬᠢ ᠵᠢᠷᠤᠮ ᠲᠠᠢ ᠪᠠᠷ ᠲᠡᠷᠭᠡ ᠵᠣᠭᠰᠣᠭᠠᠬᠤ ᠭᠠᠵᠠᠷ ᠲᠤ ᠵᠣᠭᠰᠣᠭᠠᠵᠤ᠂ ᠱᠤᠭᠤᠮ ᠢ ᠳᠠᠷᠤᠬᠤ ᠥᠬᠡᠶ᠂ ᠱᠤᠭᠤᠮ ᠠᠴᠠ ᠬᠡᠲᠦᠷᠡᠭᠦᠯᠬᠦ ᠥᠬᠡᠶ ᠪᠠᠷ ᠵᠣᠭᠰᠣᠭᠠᠵᠤ᠂ ᠡᠯ᠎ᠡ ᠨᠢᠭᠡᠴᠡ ᠶᠢᠨ ᠬᠠᠮᠢᠶᠠᠷᠤᠯᠲᠠ ᠶᠢᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠬᠡᠷᠡᠭᠲᠡᠶ᠃   ᠭᠤᠷᠪᠡ᠂ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠪᠬᠢᠲᠡᠶ ᠪᠠᠷ ᠵᠣᠬᠢᠴᠠᠭᠤᠯᠤᠨ ᠬᠠᠮᠵᠢᠯᠴᠠᠵᠤ᠂ ᠨᠠᠷᠢᠨ ᠨᠢᠮᠪᠠᠶ ᠳᠣᠭᠢᠷᠠᠭᠤᠯᠤᠨ ᠪᠠᠶᠢᠷᠢᠯᠠᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠡᠨᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠡᠭᠦᠨ ᠤ ᠬᠠᠮᠲᠤ᠂ ᠤᠬᠠᠭᠤᠯᠤᠨ ᠮᠡᠳᠡᠭᠡᠯᠡᠬᠦ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠨᠢᠭᠡᠴᠡ᠂ ᠠᠵᠤ ᠠᠬᠤᠶᠢᠯᠠᠯ᠂ ᠬᠤᠪᠢ ᠬᠥᠮᠦᠨ ᠤ ᠰᠥᠨᠢ᠂ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ ᠲᠡᠷᠭᠡᠨ ᠵᠣᠭᠰᠣᠭᠠᠯ ᠢ  ᠰᠦᠢᠳᠭᠡᠯ ᠬᠤᠷᠢᠶᠠᠬᠤ ᠥᠬᠡᠶ ᠪᠠᠷ ᠨᠡᠭᠡᠭᠡᠬᠦ ᠶᠢ ᠰᠠᠨᠠᠭᠠᠴᠢᠯᠠᠵᠤ᠂ ᠬᠤᠲᠠ ᠶᠢᠨ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠵᠢᠷᠤᠮᠵᠢᠭᠤᠨ᠂ ᠡᠮᠬᠢ ᠵᠢᠷᠤᠮ ᠲᠠᠢ᠂ ᠪᠣᠯᠪᠠᠰᠤᠨ ᠢᠶᠠᠷ ᠲᠡᠷᠭᠡ ᠵᠣᠭᠰᠣᠭᠠᠬᠤ ᠬᠡᠷᠡᠭᠲᠡᠶ᠃    ᠳᠥᠷᠪᠡ᠂ ᠲᠡᠷᠭᠡᠨ ᠵᠣᠭᠰᠣᠭᠠᠯ ᠢ ᠨᠢᠭᠡᠨᠲᠡ ᠭᠠᠳᠠᠭᠰᠢ ᠨᠡᠭᠡᠭᠡᠭᠰᠡᠨ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠤᠳ ᠢᠯᠡ ᠭᠠᠵᠠᠷ ᠲᠤ ᠲᠡᠷᠭᠡᠨ ᠵᠣᠭᠰᠣᠭᠠᠯ ᠤᠨ ᠵᠢᠭᠠᠯᠲᠠ ᠲᠡᠮᠳᠡᠭ ᠢ ᠵᠢᠷᠤᠮᠵᠢᠯ ᠲᠠᠢ ᠪᠠᠶᠢᠷᠢᠯᠠᠭᠤᠯᠵᠤ᠂ ᠲᠡᠷᠭᠡ ᠬᠥᠰᠬᠡ ᠶᠢ ᠬᠥᠲᠥᠯᠥᠨ ᠵᠢᠯᠣᠭᠤᠳᠴᠤ ᠪᠠᠶᠢᠭᠠᠳ ᠲᠡᠷᠭᠡᠨ ᠵᠣᠭᠰᠣᠭᠠᠯ ᠳᠤ ᠣᠷᠣᠭᠤᠯᠵᠤ ᠵᠢᠷᠤᠮᠵᠢᠯ ᠲᠠᠢ ᠡᠮᠬᠢ ᠵᠢᠷᠤᠮ ᠲᠠᠢ ᠵᠣᠭᠰᠣᠭᠠᠵᠤ ᠪᠣᠯᠤᠨ᠎ᠠ᠃ ᠡᠭᠦᠨ ᠤ ᠬᠠᠮᠲᠤ᠂ ᠮᠡᠳᠡᠭᠳᠡᠯ ᠨᠠᠭᠠᠵᠤ᠂ ᠭᠠᠳᠠᠭᠰᠢ ᠨᠡᠭᠡᠭᠡᠯᠲᠡ ᠬᠢᠬᠦ ᠲᠡᠷᠭᠡᠨ ᠪᠠᠶᠢᠷᠢ ᠶᠢᠨ ᠲᠤᠭ᠎ᠠ᠂ ᠲᠡᠷᠭᠡ ᠵᠣᠭᠰᠣᠬᠤ ᠴᠠᠭ ᠂ ᠬᠠᠷᠢᠭᠤᠴᠠᠯᠭ᠎ᠠ ᠠᠴᠠ ᠬᠡᠯᠲᠦᠷᠢᠭᠦᠯᠬᠦ ᠢᠯᠡᠷᠬᠡᠶᠢᠯᠡᠯᠲᠡ ᠵᠡᠷᠭᠡ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠭᠡᠮ ᠳᠤ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃ ᠡᠯ᠎ᠡ ᠨᠢᠭᠡᠴᠡ ᠨᠦᠭᠦᠳ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠳᠣᠲᠣᠭᠠᠳᠤ ᠶᠢᠨ ᠬᠥᠲᠥᠯᠦᠨ ᠵᠢᠯᠣᠭᠤᠳᠬᠤ ᠬᠠᠮᠢᠶᠠᠷᠤᠯᠲᠠ ᠪᠠᠨ ᠴᠢᠩᠭᠠᠳᠬᠠᠵᠤ᠂ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃      ᠠᠷᠠᠳ ᠤᠯᠠᠨ ᠳᠤ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ᠂ ᠡᠮᠬᠢ ᠵᠢᠷᠤᠮ ᠲᠠᠢ᠂ ᠡᠶ᠎ᠡ ᠵᠣᠬᠢᠴᠠᠯ ᠲᠠᠢ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠪᠣᠯ ᠮᠠᠨ ᠤ ᠬᠠᠮᠲᠤ ᠶᠢᠨ ᠬᠠᠷᠢᠭᠤᠴᠠᠯᠭ᠎ᠠ ᠮᠥᠨ᠃ ᠡᠯ᠎ᠡ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠤᠨ ᠬᠢᠨ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠰᠠᠨᠠᠭᠠᠴᠢᠯᠠᠭ᠎ᠠ ᠠᠴᠠ ᠪᠠᠨ ᠬᠤᠳᠠ ᠶᠢᠨ ᠠᠷᠠᠳ ᠲᠤ ᠳᠣᠲᠣᠭᠠᠳᠤ ᠲᠡᠷᠭᠡᠨ ᠵᠣᠭᠰᠣᠭᠠᠯ ᠢ ᠰᠦᠢᠳᠬᠡᠯ ᠬᠤᠷᠢᠶᠠᠬᠤ ᠦᠬᠡᠢ ᠪᠠᠷ ᠨᠡᠭᠡᠭᠡᠬᠦ ᠶᠢ ᠬᠦᠰᠡᠵᠦ ᠪᠠᠶᠢᠨ᠎ᠠ᠃                ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ                             2022 ᠣᠨ ᠤ 2 ᠰᠠᠷ᠎ᠠ ᠶᠢᠨ 27 ᠤ ᠡᠳᠣᠷ             ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ        ᠣᠷᠴᠢᠭᠤᠯᠣᠨᠨᠴᠢ᠄  ᠭᠧ ᠲᠣᠸᠠᠨ ᠯᠢᠶᠡᠨ      
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号