ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠢᠷᠤᠮᠵᠢᠭᠤᠯᠤᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠠᠵᠢᠯ ᠤᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠨᠡᠶᠢᠭᠡᠮ ᠤᠨ ᠡᠯ᠎ᠡ ᠡᠲᠡᠭᠡᠳ ᠤᠨ | ᠣᠷᠣᠯᠴᠠᠬᠤ ᠬᠡᠮᠵᠢᠶ᠎ᠡ ᠶᠢ ᠥᠷᠭᠡᠳᠬᠡᠵᠦ᠂ ᠣᠯᠠᠨ ᠲᠦᠮᠡᠨ ᠤ ᠲᠥᠯᠥᠭᠡᠯᠡᠭᠴᠢ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠳᠤ ᠬᠢᠨᠠᠯᠲᠠ ᠲᠠᠯᠪᠢᠬᠤ ᠦᠢᠯᠡᠳᠣᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠡᠳᠦᠭᠡ ᠨᠡᠶᠢᠭᠡᠮ ᠳᠤ | ᠬᠠᠨᠳᠤᠭᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠤᠨ ᠨᠡᠶᠢᠭᠡᠮ ᠤᠨ ᠬᠢᠨᠠᠯᠲᠠ ᠲᠠᠯᠪᠢᠬᠤ ᠰᠠᠶᠢᠨ | ᠲᠣᠷᠠᠴᠣᠳ ᠡᠯᠰᠡᠨ᠎ᠠ᠃ | ᠨᠢᠭᠡ᠂ ᠰᠣᠩᠭᠤᠨ ᠤᠷᠢᠬᠤ ᠬᠡᠪᠴᠢᠶ᠎ᠡ ᠪᠠ ᠨᠥᠬᠦᠴᠡᠯ | ︵ᠨᠢᠭᠡ︶ ᠰᠣᠩᠭᠤᠨ ᠤᠷᠢᠬᠤ ᠬᠡᠪᠴᠢᠶ᠎ᠡ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠠᠵᠢᠯᠯᠠᠵᠤ ᠠᠮᠢᠳᠤᠷᠠᠵᠤ ᠪᠠᠶᠢᠭ᠎ᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠪᠠᠶᠢᠭᠤᠯᠭ᠎ᠠ | ᠨᠢᠭᠡᠴᠢ ᠶᠢᠨ ᠠᠵᠢᠯ ᠳᠤ ᠪᠠᠶᠢᠭ᠎ᠠ ᠪᠤᠶᠤ ᠨᠢᠭᠡᠨᠲᠡ ᠠᠵᠢᠯ ᠠᠴᠠ ᠪᠠᠨ ᠠᠮᠠᠷᠠᠭᠰᠠᠨ ᠺᠠᠳ᠋ᠷ ᠠᠵᠢᠯᠲᠠᠨ ᠠᠵᠢᠯᠴᠢᠨ ᠵᠢᠴᠢ | ᠰᠣᠨᠢᠨ ᠮᠡᠳᠡᠭᠡᠨ ᠤ ᠵᠠᠭᠤᠴᠢᠯᠠᠭᠤᠷ᠂ ᠬᠠᠤᠯᠢ ᠴᠠᠭᠠᠵᠠ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠠᠵᠤ | ᠠᠬᠤᠶᠢᠯᠠᠯ ᠤᠨ ᠡᠲᠡᠭᠡᠳ ᠤᠨ ᠲᠥᠯᠥᠭᠡᠯᠡᠭᠴᠢ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠢᠨᠠᠯᠲᠠ ᠲᠠᠯᠪᠢᠬᠤ | ᠠᠵᠢᠯ ᠢ ᠰᠠᠶᠢᠨ ᠳᠤᠷ᠎ᠠ ᠠᠴᠠ ᠪᠠᠨ ᠡᠭᠦᠷᠭᠡᠯᠡᠨ ᠬᠠᠷᠢᠭᠤᠴᠠᠵᠤ ᠪᠠᠶᠢᠭ᠎ᠠ ᠠᠵᠢᠯᠲᠠᠨ᠃ | ︵ᠬᠤᠶᠠᠷ︶ ᠮᠡᠳᠡᠭᠦᠯᠬᠦ ᠨᠥᠬᠦᠴᠡᠯ | 1. ᠤᠯᠤᠰ ᠲᠥᠷᠥ ᠶᠢᠨ ᠤᠬᠠᠮᠰᠠᠷ ᠥᠨᠳᠥᠷ᠂ ᠦᠵᠡᠯ ᠰᠠᠨᠠᠭ᠎ᠠ ᠵᠠᠩ ᠮᠣᠷᠠᠯ ᠰᠠᠶᠢᠨ᠂ ᠣᠪᠣᠷ ᠰᠤᠷᠲᠠᠯ ᠲᠥᠪ | ᠴᠢᠬᠡᠴᠢ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠲᠠᠢ᠂ ᠪᠥᠬᠦ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠢ ᠬᠠᠯᠠᠮᠵᠢᠯᠠᠨ᠎ᠠ᠃ | 2. ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠨᠠᠮ ᠤᠨ ᠱᠤᠭᠤᠮ᠂ ᠴᠢᠭᠯᠡᠯᠲᠡ᠂ | ᠲᠦ᠋ᠷᠦ ᠶᠢᠨ ᠪᠤᠳᠤᠯᠭ᠎ᠠ ᠶᠢ ᠬᠦᠷᠢᠶᠡᠯᠡᠵᠦ᠂ ᠬᠠᠤᠯᠢ ᠲᠦ᠋ᠷᠢᠮ ᠤᠨ ᠦᠵᠡᠯᠲᠡ ᠪᠠᠷ ᠴᠢᠩᠭ᠎ᠠ᠂ ᠨᠡᠶᠢᠭᠡᠮ ᠤᠨ ᠬᠠᠷᠢᠭᠤᠴᠠᠯᠭᠠᠲᠤ | ᠰᠡᠳᠬᠢᠯᠭᠡ ᠪᠠᠷ ᠨᠡᠯᠢᠶᠡᠳ ᠴᠢᠩᠭ᠎ᠠ ᠪᠠᠶᠢᠳᠠᠭ᠃ | 3. ᠡᠷᠡᠭᠲᠡᠶ ᠡᠮᠡᠭᠲᠡᠶ ᠶᠢ ᠬᠢᠵᠠᠭᠠᠷᠯᠠᠬᠤ ᠦᠭᠡᠶ᠂ ᠪᠦᠬᠦᠯᠢ 18 ᠨᠠᠰᠤᠨ ᠠᠴᠠ ᠳᠡᠭᠡᠭᠰᠢ᠂ ᠪᠦᠬᠦᠯᠢ 65 ᠨᠠᠰᠤᠨ ᠠᠴᠠ | ᠳᠣᠭᠤᠭᠰᠢ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠢᠴᠢ ᠲᠡᠭᠦᠨ ᠠᠴᠠ ᠳᠡᠭᠡᠭᠰᠢ ᠰᠤᠷᠤᠯᠭ᠎ᠠ ᠶᠢᠨ | ᠨᠠᠮᠲᠠᠷ ᠲᠠᠢ᠂ ᠪᠡᠶ᠎ᠡ ᠮᠠᠬᠠᠪᠣᠳ ᠡᠷᠡᠭᠦᠯ ᠴᠢᠭᠢᠷᠠᠭ᠂ ᠵᠣᠬᠢᠬᠤ ᠴᠠᠭ ᠪᠠ ᠬᠦᠴᠦ ᠣᠷᠣᠭᠤᠯᠵᠤ᠂ ᠬᠢᠨᠠᠯᠲᠠ ᠲᠠᠯᠪᠢᠭᠴᠢ ᠶᠢᠨ | ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠨ᠎ᠡ᠃ | 4. ᠵᠣᠬᠢᠬᠤ ᠬᠡᠮᠵᠢᠶᠡᠨ ᠤ ᠲᠤᠰᠬᠠᠶ ᠮᠡᠷᠭᠡᠵᠢᠯ ᠤᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠰᠠᠶᠢᠨ ᠰᠠᠶᠢᠬᠠᠨ | ᠶᠣᠰᠣ ᠮᠣᠷᠠᠯ ᠲᠠᠢ ᠪᠠᠶᠢᠵᠤ᠂ ᠬᠢᠨᠠᠯᠲᠠ ᠲᠠᠯᠪᠢᠬᠤ ᠠᠵᠢᠯ ᠤᠨ ᠳᠤᠮᠳᠠ ᠪᠠᠨ ᠵᠠᠷᠴᠢᠮ ᠢ ᠪᠠᠷᠢᠮᠲᠠᠯᠠᠨ᠂ ᠦᠨᠡᠨ ᠠᠴᠠ ᠵᠥᠪ ᠢ | ᠡᠷᠢᠵᠦ᠂ ᠪᠤᠰᠤᠳᠴᠢ ᠪᠥᠭᠡᠳ ᠲᠥᠪ ᠭᠤᠣᠯᠴᠢ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠶᠢ ᠰᠠᠬᠢᠳᠠᠭ ᠪᠠᠶᠢᠬᠤ ᠬᠡᠷᠡᠭᠲᠡᠶ᠃ | | 5. ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠶᠢᠨ | ᠵᠣᠬᠢᠶᠠᠨ ᠪᠠᠶᠢᠭᠤᠯᠤᠭᠰᠠᠨ ᠪᠣᠯᠪᠠᠰᠤᠷᠠᠭᠤᠯᠤᠯ ᠪᠤᠶᠤ ᠬᠢᠨᠠᠯᠲᠠ ᠲᠠᠯᠪᠢᠬᠤ ᠠᠵᠢᠯ ᠳᠤ ᠣᠷᠣᠯᠴᠠᠵᠤ ᠲᠠᠶᠢᠯᠤᠨ᠎ᠠ᠃ | 6. ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠳᠤ ᠵᠦᠶ | ᠵᠣᠬᠢᠰᠲᠠᠶ ᠰᠠᠨᠠᠭᠤᠯᠭ᠎ᠠ ᠪᠤᠶᠤ ᠰᠠᠨᠠᠯ ᠳᠤᠷᠠᠳᠴᠤ ᠪᠣᠯᠤᠨ᠎ᠠ᠃ | ᠬᠤᠶᠡᠷ᠂ ᠠᠵᠢᠯ ᠤᠨ ᠡᠭᠦᠷᠭᠡ ᠬᠠᠷᠢᠭᠤᠴᠠᠯᠭ᠎ᠠ | 1. ᠪᠠᠶᠢᠴᠠᠭᠠᠨ ᠰᠤᠳᠤᠯᠤᠯᠲᠠ ᠬᠢᠬᠦ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠤᠨ ᠳᠤᠮᠳᠠ ᠣᠷᠣᠰᠢᠵᠤ | ᠪᠠᠶᠢᠭ᠎ᠠ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ ᠶᠢ ᠪᠣᠶ ᠪᠣᠯᠭᠠᠨ᠎ᠠ︔ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠤᠨ ᠲᠤᠬᠠᠶ | ᠠᠵᠤ ᠠᠬᠤᠶᠢᠯᠠᠯ ᠪᠠ ᠣᠯᠠᠨ ᠲᠦᠮᠡᠨ ᠤ ᠰᠠᠨᠠᠯ ᠪᠠ ᠰᠠᠨᠠᠭᠤᠯᠭ᠎ᠠ ᠶᠢ ᠴᠤᠭᠯᠠᠭᠤᠯᠤᠨ᠎ᠠ᠃ | 2. ᠬᠢᠨᠠᠯᠲᠠ ᠲᠠᠯᠪᠢᠵᠤ ᠦᠨᠡᠯᠡᠨ᠎ᠡ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠶᠡᠭᠡ ᠲᠢᠩᠬᠢᠮ ᠵᠢᠴᠢ ᠴᠣᠩᠬᠤᠨ ᠤ ᠠᠵᠢᠯᠲᠠᠨ ᠤ ᠦᠢᠯᠡᠴᠢᠯᠡᠬᠦ ᠣᠪᠣᠷ᠂ ᠠᠵᠢᠯ ᠤᠨ ᠦᠷ᠎ᠡ | ᠪᠦᠲᠦᠮᠵᠢ᠂ ᠠᠵᠢᠯ ᠤᠨ ᠰᠤᠷᠲᠠᠯ᠂ ᠠᠵᠢᠯ ᠤᠨ ᠰᠠᠬᠢᠯᠭ᠎ᠠ ᠪᠠᠲᠤ ᠵᠡᠷᠭᠡ ᠳᠤ ᠬᠢᠨᠠᠯᠲᠠ ᠲᠠᠯᠪᠢᠵᠤ ᠦᠨᠡᠯᠡᠯᠲᠡ ᠬᠢᠨ᠎ᠠ᠃ | 3. ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠤᠨ ᠰᠤᠷᠲᠠᠯ ᠢ | ᠰᠠᠶᠢᠵᠢᠷᠠᠭᠤᠯᠤᠨ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠨ᠎ᠠ᠃ | ᠭᠤᠷᠪᠡ᠂ ᠠᠯᠬᠤᠮ ᠳᠠᠷᠠᠭ᠎ᠠ ᠪᠠ ᠲᠠᠰ ᠳᠠᠷᠠᠭᠠᠯᠠᠯ | ︵ᠨᠢᠭᠡ︶ ᠠᠯᠪᠠᠨ ᠵᠠᠷ | ︽2022 ᠣᠨ ᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠠᠵᠢᠯ ᠳᠤ ᠨᠡᠶᠢᠭᠡᠮ ᠤᠨ ᠬᠢᠨᠠᠯᠲᠠ ᠲᠠᠯᠪᠢᠬᠤ ᠰᠠᠶᠢᠨ ᠳᠤᠷ᠎ᠠ ᠶᠢᠨ ᠠᠵᠢᠯᠯᠠᠭᠴᠢ ᠡᠯᠰᠡᠬᠦ ᠠᠯᠪᠠᠨ ᠵᠠᠷ︾ ᠢ ᠴᠠᠬᠠᠷ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠸᠢᠴᠠᠲ ᠤᠨ ᠨᠡᠶᠢᠲᠡ ᠶᠢᠨ ᠳ᠋ᠤᠭᠠᠷ᠂ ᠴᠠᠬᠠᠷ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠵᠠᠰᠠᠭ ᠤᠨ ᠣᠷᠳᠣᠨ ᠤ ᠰᠦᠯᠵᠢᠶ᠎ᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠧᠯᠸᠢᠰ ᠬᠤᠷᠢᠶ᠎ᠠ ᠵᠡᠷᠭᠡ | ᠵᠠᠭᠤᠴᠢᠯᠠᠭᠤᠷ ᠲᠤ ᠨᠡᠶᠢᠲᠡᠯᠡᠨ᠎ᠡ᠃ | ᠠᠯᠪᠠᠨ ᠵᠠᠷ ᠨᠡᠶᠢᠲᠡᠯᠡᠭᠰᠡᠨ ᠴᠠᠭ᠄ ︽2022 ᠣᠨ ᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠤᠨ ᠨᠡᠶᠢᠭᠡᠮ ᠤᠨ ᠬᠢᠨᠠᠯᠲᠠ ᠲᠠᠯᠪᠢᠬᠤ ᠰᠠᠶᠢᠨ ᠳᠤᠷ᠎ᠠ ᠶᠢᠨ | ᠠᠵᠢᠯᠯᠠᠭᠴᠢ ᠶᠢ ᠡᠯᠰᠡᠬᠦ ᠠᠯᠪᠠᠨ ᠵᠠᠷ︾ ᠢ ᠨᠡᠶᠢᠲᠡᠯᠡᠭᠰᠡᠨ ᠡᠳᠦᠷ ᠠᠴᠠ ᠡᠬᠢᠯᠡᠨ 2022 ᠣᠨ ᠤ 6 ᠰᠠᠷ᠎ᠠ ᠶᠢᠨ 30 ᠤ | ᠡᠳᠦᠷ ᠪᠣᠯᠲᠠᠯ᠎ᠠ᠃ | ︵ᠬᠤᠶᠠᠷ︶ ᠨᠡᠷ᠎ᠡ ᠮᠡᠳᠡᠭᠦᠯᠬᠦ | 1. ᠨᠡᠷ᠎ᠡ ᠮᠡᠳᠡᠭᠦᠯᠬᠦ ᠴᠠᠭ᠄ 2022 ᠣᠨ ᠤ 6 ᠰᠠᠷ᠎ᠠ ᠶᠢᠨ 15 ᠤ ᠡᠳᠦᠷ — 2022 ᠣᠨ ᠤ 6 | ᠰᠠᠷ᠎ᠠ ᠶᠢᠨ 30 ᠤ ᠡᠳᠦᠷ᠃ | 2. ᠨᠡᠷ᠎ᠡ ᠮᠡᠳᠡᠭᠦᠯᠬᠦ ᠭᠠᠵᠠᠷ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠣᠪᠴᠢᠶ᠎ᠠ ︵ᠬᠤᠰᠢᠭᠤᠨ ᠤ ᠵᠠᠰᠠᠭ ᠤᠨ ᠶᠠᠪᠤᠳᠠᠯ ᠤᠨ ᠲᠥᠪ ᠤᠨ 1004 ᠠᠯᠪᠠᠨ ᠬᠡᠷ︶ | 3. ᠣᠷᠢᠬᠤ ᠬᠥᠮᠦᠨ ᠤ ᠲᠤᠭ᠎ᠠ᠄ 10 ᠬᠥᠮᠦᠨ᠃ | 4. ᠤᠷᠢᠬᠤ ᠬᠤᠭᠤᠴᠠᠭ᠎ᠠ᠄ ᠬᠤᠶᠠᠷ ᠵᠢᠯ᠃ | 5. ᠬᠠᠷᠢᠯᠴᠠᠬᠤ ᠬᠥᠮᠦᠨ᠄ ᠯᠢᠦᠶ ᠶᠠᠩ ᠬᠠᠷᠢᠯᠴᠠᠬᠤ ᠤᠲᠠᠰᠤ᠄ 18647300867 | 6 . ᠠᠩᠬᠠᠷᠬᠤ ᠵᠦᠢᠯ᠄ | ︵1︶ ᠲᠣᠭᠲᠠᠭᠰᠠᠨ ᠴᠠᠭ ᠤᠨ ᠳᠣᠲᠣᠷ᠎ᠠ ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠬᠦ ᠪᠤᠶᠤ ᠨᠡᠷ᠎ᠡ ᠮᠡᠳᠡᠭᠦᠯᠬᠦ | ᠬᠦᠰᠦᠨᠦᠭᠲᠦ ᠶᠢ ᠰᠢᠦᠳᠠᠨ ᠤ ᠬᠠᠶᠢᠷᠴᠠᠭ ᠤᠨ cyzqzwj@126.com ᠲᠤ ᠬᠦᠷᠭᠡᠨ᠎ᠡ᠃ | ︵2︶ ᠨᠡᠷ᠎ᠡ ᠮᠡᠳᠡᠭᠦᠯᠬᠦ ᠦᠶ᠎ᠡ ᠳᠤ ᠬᠤᠪᠢ ᠬᠥᠮᠦᠨ ᠤ ᠪᠡᠶ᠎ᠡ ᠶᠢᠨ ᠦᠨᠡᠮᠯᠡᠯ᠂ ᠰᠤᠷᠤᠯᠭ᠎ᠠ ᠲᠡᠭᠦᠰᠦᠭᠰᠡᠨ ᠦᠨᠡᠮᠯᠡᠯ | ᠵᠡᠷᠭᠡ ᠬᠦᠴᠦᠨ ᠪᠥᠬᠦᠶ ᠭᠡᠷᠡᠴᠢ ᠦᠨᠡᠮᠯᠡᠯ ᠤᠨ ᠣᠭ ᠮᠠᠲ᠋ᠧᠷᠢᠶᠠᠯ ᠵᠢᠴᠢ ᠣᠶᠢᠷ᠎ᠠ ᠶᠢᠨ ᠬᠤᠭᠤᠴᠠᠭᠠᠨ ᠳᠤ ᠨᠢᠭᠤᠷ | ᠲᠠᠯ᠎ᠠ ᠶᠢᠨ ᠮᠠᠯᠠᠭᠠᠶ ᠥᠬᠡᠶ 2 ᠢᠮᠠᠬᠤ ᠶᠢᠨ ᠬᠥᠬᠡ ᠳᠡᠪᠢᠰᠬᠡᠷᠲᠦ ᠪᠤᠳᠤᠭᠲᠤ ᠰᠡᠭᠦᠳᠡᠷ 1 ︵ᠡᠯᠧᠺᠲᠷᠣᠨ ᠬᠡᠪᠯᠡᠯ | ᠪᠠᠭᠲᠠᠨ᠎ᠠ︶ ᠠᠪᠴᠤ ᠶᠠᠪᠤᠬᠤ ᠬᠡᠷᠡᠭᠲᠡᠶ᠃ | ︵ᠭᠤᠷᠪᠠ︶ ᠬᠢᠷᠢ ᠬᠡᠮ ᠢ ᠬᠢᠨᠠᠨ ᠪᠠᠶᠢᠴᠠᠭᠠᠬᠤ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠠᠴᠠ | ᠨᠡᠷ᠎ᠡ ᠮᠡᠳᠡᠭᠦᠯᠦᠭᠰᠡᠳ ᠲᠤ ᠬᠢᠷᠢ ᠬᠡᠮ ᠤᠨ ᠬᠢᠨᠠᠨ ᠪᠠᠶᠢᠴᠠᠭᠠᠯᠲᠠ ᠬᠢᠨ᠎ᠠ᠃ | ︵ᠲᠥᠷᠪᠡ︶ ᠢᠯᠡ ᠨᠡᠶᠢᠲᠡᠯᠡᠬᠦ | ᠤᠷᠢᠵᠤ ᠡᠯᠰᠡᠬᠦ ᠬᠥᠮᠦᠰ ᠤᠨ ᠨᠡᠷᠡᠰ ᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ | ᠶᠠᠪᠤᠳᠠᠯ ᠤᠨ ᠸᠢᠴᠠᠲ ᠤᠨ ᠨᠡᠶᠢᠲᠡ ᠶᠢᠨ ᠳ᠋ᠤᠭᠠᠷ ᠲᠤ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠂ ᠨᠡᠶᠢᠲᠡᠯᠡᠬᠦ | ᠬᠤᠭᠤᠴᠠᠭ᠎ᠠ ᠨᠢ 5 ᠠᠵᠢᠯᠯᠠᠬᠤ ᠡᠳᠦᠷ ᠪᠣᠯᠤᠨ᠎ᠠ᠃ | ᠲᠦᠷᠪᠡ᠂ ᠡᠯᠰᠡᠨ ᠬᠡᠷᠡᠭᠯᠡᠬᠦ ᠪᠠ ᠬᠠᠮᠢᠶᠠᠷᠬᠤ | 1. ᠨᠡᠷ᠎ᠡ ᠮᠡᠳᠡᠭᠦᠯᠦᠭᠰᠡᠳ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠵᠤ ᠡᠯᠰᠡᠨ᠎ᠡ᠂ ᠡᠯᠰᠡᠭᠳᠡᠮᠡᠭᠴᠡ ︽ᠴᠠᠬᠠᠷ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠳᠤ ᠨᠡᠶᠢᠭᠡᠮ ᠤᠨ | ᠬᠢᠨᠠᠯᠲᠠ ᠲᠠᠯᠪᠢᠬᠤ ᠰᠠᠶᠢᠨ ᠳᠤᠷ᠎ᠠ ᠶᠢᠨ ᠠᠵᠢᠯᠯᠠᠭᠴᠢ︾ ᠭᠡᠬᠦ ᠤᠷᠢᠯᠭ᠎ᠠ ᠶᠢᠨ ᠪᠢᠴᠢᠭ ᠢ ᠭᠠᠷᠳᠠᠭᠤᠯᠤᠨ᠎ᠠ᠃ | 2. ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠤᠨ ᠨᠡᠶᠢᠭᠡᠮ ᠤᠨ ᠬᠢᠨᠠᠯᠲᠠ ᠲᠠᠯᠪᠢᠭᠴᠢ ᠰᠠᠶᠢᠨ ᠳᠤᠷ᠎ᠠ ᠶᠢᠨ | ᠠᠵᠢᠯᠯᠠᠭᠴᠢ ᠶᠢ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠠᠴᠠ ᠨᠢᠭᠡᠳᠦᠯᠲᠡᠶ ᠬᠠᠮᠢᠶᠠᠷᠴᠤ᠂ | ᠡᠷᠬᠡᠪᠰᠢ ᠬᠤᠰᠢᠭᠤᠨ ᠤ ᠵᠠᠰᠠᠭ ᠤᠨ ᠶᠠᠪᠤᠳᠠᠯ ᠤᠨ ᠲᠣᠪᠴᠢᠶ᠎ᠠ ᠶᠢᠨ ᠲᠣᠬᠢᠷᠠᠭᠤᠯᠤᠯᠲᠠ ᠶᠣᠰᠣᠭᠠᠷ᠂ ᠪᠥᠬᠦ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠤᠨ ᠬᠢᠨᠠᠯᠲᠠ ᠪᠠᠶᠢᠴᠠᠭᠠᠯᠲᠠ ᠳᠤ ᠢᠳᠡᠪᠬᠢᠲᠡᠶ ᠣᠷᠣᠯᠴᠠᠬᠤ ᠬᠡᠷᠡᠭᠲᠡᠶ᠃ | | 3. ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠤᠨ ᠨᠡᠶᠢᠭᠡᠮ ᠤᠨ ᠬᠢᠨᠠᠯᠲᠠ ᠶᠢᠨ ᠰᠠᠶᠢᠨ ᠳᠤᠷ᠎ᠠ ᠶᠢᠨ | ᠠᠵᠢᠯᠯᠠᠭᠴᠢ ᠶᠢᠨ ᠣᠶᠢᠯᠠᠭᠠᠭᠰᠠᠨ ᠢᠶᠠᠷ᠂ ᠴᠤᠭᠯᠠᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠢ | ᠰᠠᠶᠢᠵᠢᠷᠠᠭᠤᠯᠬᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠰᠠᠨᠠᠯ ᠪᠠ ᠰᠠᠨᠠᠭᠤᠯᠭ᠎ᠠ ᠶᠢ | ᠬᠤᠯᠪᠣᠭᠳᠠᠯ ᠪᠥᠬᠦᠶ ᠡᠷᠭᠢᠯᠡᠨ ᠬᠠᠮᠢᠶᠠᠷᠬᠤ ᠨᠢᠭᠡᠴᠡ ᠳᠤ ᠳᠡᠪᠰᠢᠭᠦᠯᠦᠨ ᠲᠤᠰᠢᠶᠠᠵᠤ᠂ ᠲᠡᠳᠡᠨ ᠢᠶᠠᠷ ᠰᠢᠢᠳᠪᠦᠷᠢᠯᠡᠬᠦᠯᠬᠦ ᠪᠠᠷ | ᠱᠠᠭᠠᠷᠳᠠᠬᠤ ᠡᠷᠬᠡ ᠲᠠᠢ᠂ ᠬᠡᠷᠪᠡ ᠴᠠᠭ ᠲᠤᠬᠠᠶ ᠳᠤᠨᠢ ᠰᠢᠢᠳᠪᠦᠷᠢᠯᠡᠵᠦ ᠦᠭᠡᠢ ᠶᠢ ᠣᠯᠵᠤ ᠮᠡᠳᠡᠪᠡᠯ᠂ ᠬᠤᠯᠪᠣᠭᠳᠠᠯ ᠪᠥᠬᠦᠶ | ᠰᠠᠯᠠᠭ᠎ᠠ ᠮᠥᠴᠢᠷ ᠢ ᠱᠠᠭᠠᠷᠳᠠᠨ ᠲᠣᠳᠣᠷᠬᠠᠶ ᠪᠢᠴᠢᠭ ᠤᠨ ᠲᠠᠶᠢᠯᠪᠤᠷᠢ ᠬᠢᠯᠭᠡᠬᠦ ᠪᠤᠶᠤ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠳᠤ ᠲᠤᠰᠬᠠᠵᠤ ᠪᠣᠯᠤᠨ᠎ᠠ᠃ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ | 2022 ᠣᠨ ᠤ 6 ᠰᠠᠷ᠎ᠠ ᠶᠢᠨ 15 ᠤ ᠡᠳᠣᠷ | | | ᠵᠣᠬᠢᠶ᠋ᠬᠠᠴᠢ᠄ ᠴᠠᠬᠠᠷ ᠪᠠᠷᠠᠭᠤᠨ ᠭᠠᠷᠣᠨ ᠲᠣᠮᠳᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ | | | | | | | | | | |