| ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ ᠳᠤ᠄ | ᠡᠳᠦᠭᠡ ︽ᠪᠥᠬᠦ ᠬᠤᠰᠢᠭᠤᠨ ᠤ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠡᠮ | ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠲᠥᠰᠦᠯ︾ ᠢ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ | ᠬᠡᠷᠡᠭᠵᠢᠭᠦᠯᠲᠦᠭᠡᠶ᠃ | ᠰᠢ ᠶᠢᠨ ᠫᠢᠩ ᠶᠡᠷᠦᠩᠬᠡᠶ ᠱᠦᠵᠢ ᠶᠢᠨ ᠦᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ | ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠶᠡᠷᠦᠩᠬᠡᠶ ᠰᠠᠶᠢᠳ ᠯᠢ ᠺᠧ | ᠴᠢᠶᠠᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠪᠥᠬᠦ ᠤᠯᠤᠰ ᠪᠠ ᠥᠪᠡᠷᠲᠡᠭᠡᠨ | ᠵᠠᠰᠠᠬᠤ ᠣᠷᠣᠨ ᠤ ᠥᠪᠡᠰᠦᠪᠡᠨ ᠪᠠᠷᠢᠨᠨᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ | ᠲᠧᠯᠸᠢᠰ ᠳ᠋ᠢᠶᠠᠩᠬᠤᠸᠠ ᠬᠤᠷᠠᠯ ᠤᠨ ᠠᠵᠢᠯ ᠤᠨ ᠱᠠᠭᠠᠷᠳᠠᠯᠭ᠎ᠠ ᠶᠢ ᠲᠦᠷᠭᠡᠨ ᠨᠠᠶᠢᠳᠠᠪᠤᠷᠢᠵᠢᠭᠤᠯᠵᠤ᠂ ᠪᠥᠬᠦ | ᠬᠤᠰᠢᠭᠤᠨ ᠤ ᠥᠪᠡᠰᠦᠪᠡᠨ ᠪᠠᠷᠢᠨᠨᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠥᠪᠡᠰᠦᠪᠡᠨ ᠪᠠᠷᠢᠨᠨᠰᠠᠨ ᠬᠡᠷ ᠪᠠᠶᠢᠰᠢᠩ ᠤᠨ ᠠᠮᠤᠷ ᠲᠦᠪᠰᠢᠨ ᠤ | ᠠᠳᠡᠯ ᠭᠠᠷᠬᠤ ᠶᠢ ᠡᠷᠡᠰ ᠬᠤᠷᠢᠭᠯᠠᠬᠤ ᠶᠢᠨ ᠲᠥᠯᠥᠭᠡ᠂ ᠪᠥᠬᠦ ᠬᠤᠰᠢᠭᠤᠨ ᠤ ᠬᠡᠪᠴᠢᠶᠡᠨ ᠳᠤ ᠥᠪᠡᠰᠦᠪᠡᠨ | ᠪᠠᠷᠢᠨᠨᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠶ ᠴᠡᠭᠴᠡᠯᠡᠨ | ᠵᠠᠰᠠᠬᠤ ᠠᠵᠢᠯ ᠢ ᠥᠷᠨᠢᠭᠦᠯᠬᠦ ᠪᠠᠷ ᠲᠣᠭᠲᠠᠪᠠ᠃ ᠡᠳᠦᠭᠡ ᠪᠣᠳᠠᠲᠠᠶ ᠵᠦᠢᠯ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠦᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠯᠲᠡ ᠶᠢ ᠥᠷᠨᠢᠭᠦᠯᠬᠦ ᠲᠤᠬᠠᠶ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽4 · 29︾ ᠤ | ᠬᠤᠨᠠᠨ ᠤ ᠴᠠᠩᠱᠠ ᠶᠢᠨ ᠰᠠᠭᠤᠭᠠᠯᠢ ᠠᠷᠠᠳ ᠤᠨ ᠦᠪᠡᠰᠦᠪᠡᠨ ᠭᠡᠷ ᠪᠠᠶᠢᠰᠢᠩ ᠪᠠᠷᠢᠵᠤ ᠨᠤᠷᠠᠭᠰᠠᠨ ᠠᠳᠡᠯ ᠠᠴᠠ | ᠭᠦᠨᠵᠡᠭᠡᠢ ᠰᠤᠷᠭᠠᠮᠵᠢ ᠠᠪᠴᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ | ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤᠳᠬᠠᠬᠤ ᠶᠢ ᠪᠠᠷᠢᠮᠲᠠᠯᠠᠵᠤ᠂ ︽ᠠᠵᠢᠯ ᠲᠦᠷᠦᠯ ᠢ ᠬᠠᠮᠢᠶᠠᠷᠬᠤ ᠳᠤ | ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ | ᠲᠦᠪᠰᠢᠨ ᠢ ᠬᠠᠮᠢᠶᠠᠷᠴᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ | ᠬᠠᠮᠢᠶᠠᠷᠬᠤ︾ ᠪᠠ ︽ᠬᠡᠨ ᠥᠮᠴᠢᠯᠡᠪᠡᠯ ᠬᠡᠨ ᠬᠠᠷᠢᠭᠤᠴᠠᠬᠤ᠂ ᠬᠡᠨ ᠬᠡᠷᠡᠭᠯᠡᠪᠡᠯ ᠬᠡᠨ ᠬᠠᠷᠢᠭᠤᠴᠠᠬᠤ᠂ ᠬᠡᠨ | ᠡᠷᠬᠢᠯᠡᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠪᠣᠳᠠᠲᠠᠶ ᠬᠠᠷᠢᠶ᠎ᠠ ᠭᠠᠵᠠᠷ ᠤᠨ ᠵᠠᠰᠠᠭ ᠤᠨ | ᠣᠷᠳᠣᠨ ᠤ ᠬᠠᠷᠢᠭᠤᠴᠠᠯᠭ᠎ᠠ᠂ ᠠᠵᠢᠯ ᠲᠥᠷᠥᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ᠂ ᠥᠮᠴᠢᠯᠡᠯ ᠤᠨ ᠡᠷᠬᠡᠲᠦ ᠬᠥᠮᠦᠨ᠂ ᠬᠡᠷᠡᠭᠯᠡᠭᠴᠢ ᠶᠢᠨ ᠬᠠᠷᠢᠭᠤᠴᠠᠯᠭ᠎ᠠ᠂ ᠭᠤᠷᠪᠠᠳᠠᠬᠢ | ᠡᠲᠡᠭᠡᠳ ᠤᠨ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠬᠠᠷᠢᠭᠤᠴᠠᠯᠭ᠎ᠠ ᠪᠠ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠵᠢᠯᠣᠭᠤᠳᠬᠤ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠪᠥᠬᠦ | ᠬᠤᠰᠢᠭᠤᠨ ᠤ ᠦᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ | ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ | ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠵᠤ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃ | ᠬᠤᠶᠡᠷ᠂ ᠬᠠᠷᠠᠯᠲᠠ ᠶᠢᠨ ᠡᠭᠦᠷᠭᠡ | ᠬᠡᠷ ᠪᠠᠶᠢᠰᠢᠩ ᠪᠠᠷᠢᠬᠤ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠶ | ᠴᠡᠭᠴᠡᠯᠡᠨ ᠵᠠᠰᠠᠬᠤ ᠴᠠᠭ ᠢ ᠲᠣᠰ ᠡᠳᠦᠷ ᠠᠴᠠ ᠡᠬᠢᠯᠡᠨ 2022 ᠣᠨ ᠤ 12 ᠳ᠋ᠤᠭᠠᠷ ᠰᠠᠷ᠎ᠠ ᠶᠢᠨ ᠰᠡᠭᠦᠯᠴᠢ | ᠪᠣᠯᠲᠠᠯ᠎ᠠ ᠬᠡᠷᠡᠭᠵᠢᠭᠦᠯᠦᠨ᠎ᠡ᠃ | ︵ᠨᠢᠭᠡ︶ ᠭᠤᠤᠯᠳᠠᠯᠭ᠎ᠠ ᠶᠢ ᠳᠣᠪᠤᠶᠢᠯᠭᠠᠨ᠂ ᠳᠠᠯᠳᠠ ᠬᠡᠮ ᠢ ᠵᠢᠭᠰᠠᠭᠠᠨ ᠪᠠᠶᠢᠴᠠᠭᠠᠨ᠎ᠠ ︵ᠲᠣᠰ ᠮᠡᠳᠡᠭᠳᠡᠯ ᠢ | ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 2022 ᠣᠨ ᠤ 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ︶ | ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠬᠤᠰᠢᠭᠤᠨ ᠤ ᠰᠢᠭᠤᠳ ᠬᠠᠷᠢᠶ᠎ᠠ | ᠬᠤᠯᠪᠣᠭᠳᠠᠯ ᠪᠦᠬᠦᠢ ᠨᠢᠭᠡᠴᠡ ᠨᠦᠭᠦᠳ ᠬᠤᠯᠪᠣᠭᠳᠠᠯ ᠪᠦᠬᠦᠢ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠭᠰᠠᠨ ᠲᠤᠷᠰᠢᠯᠭ᠎ᠠ ᠲᠠᠢ ᠤᠶᠠᠯᠳᠤᠭᠤᠯᠤᠨ᠂ ᠠᠩᠬᠠᠳᠤᠭᠠᠷ ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ | ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠳᠠᠷᠤᠶ ᠲᠦᠷᠭᠡᠨ ᠲᠤᠰᠬᠠᠶ ᠵᠦᠢᠯ ᠤᠨ ᠲᠥᠰᠦᠯ | ᠲᠣᠭᠲᠠᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ︵ᠭᠠᠴᠠᠭ᠎ᠠ ᠲᠣᠰᠬᠤᠨ ᠤ ᠠᠷᠠᠳ ᠤᠨ | ᠵᠥᠪᠯᠡᠯ︶᠂ ᠠᠳᠠᠯ ᠠᠬᠤᠶ ᠶᠢᠨ ᠦᠢᠯᠡᠴᠢᠯᠡᠭᠡᠨ ᠤ ᠲᠣᠭᠤᠷᠢᠭ ᠢᠶᠠᠷ ᠨᠢᠭᠡᠴᠢ ᠪᠣᠯᠭᠠᠵᠤ᠂ ᠲᠤᠰᠬᠠᠶ ᠮᠡᠷᠭᠡᠵᠢᠯ ᠤᠨ | ᠠᠵᠢᠯᠲᠠᠨ ᠢ ᠵᠣᠬᠢᠶᠠᠨ ᠪᠠᠶᠢᠭᠤᠯᠵᠤ᠂ ᠬᠠᠷᠢᠶᠠᠯᠠᠵᠤ ᠪᠠᠶᠢᠭ᠎ᠠ ᠣᠷᠣᠨ ᠪᠦᠰᠡ ᠪᠤᠶᠤ ᠰᠢᠰᠲ᠋ᠧᠮ ᠤᠨ ᠳᠣᠲᠣᠷᠠᠬᠢ ᠪᠤᠶ | ᠪᠦᠬᠦᠢ ᠥᠪᠡᠷ ᠢᠶᠠᠨ ᠪᠠᠷᠢᠭᠰᠠᠨ ᠭᠡᠷ ᠪᠠᠶᠢᠰᠢᠩ ᠳᠤ ᠲᠣᠣᠷ ᠲᠠᠲᠠᠬᠤ ᠮᠠᠶ᠋ᠢᠭ ᠤᠨ᠂ ᠬᠡᠪᠢᠰ ᠮᠠᠶ᠋ᠢᠭ ᠤᠨ | ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠵᠤ᠂ ᠵᠢᠭᠰᠠᠭᠠᠨ ᠪᠠᠶᠢᠴᠠᠭᠠᠬᠤ ᠳᠤ ︽ᠤᠷᠢᠳ ᠢᠶᠠᠷ ᠬᠢᠯᠪᠠᠷ ᠢ ᠨᠢ ᠬᠢᠵᠦ | ᠰᠡᠭᠦᠯᠡᠷ ᠬᠦᠴᠢᠷᠲᠡᠶ ᠶᠢ ᠨᠢ ᠬᠢᠵᠦ᠂ ᠤᠷᠢᠳ ᠢᠶᠠᠷ ᠶᠡᠭᠡ ᠶᠢ ᠨᠢ ᠬᠢᠵᠦ ᠰᠡᠭᠦᠯᠡᠷ ᠪᠠᠭ᠎ᠠ ᠶᠢ ᠨᠢ ᠬᠢᠬᠦ︾ ᠵᠠᠷᠴᠢᠮ ᠢ | ᠪᠠᠷᠢᠮᠲᠠᠯᠠᠨ᠂ ᠭᠡᠷ ᠪᠠᠶᠢᠰᠢᠩ ᠤᠨ ᠶᠠᠰᠤ ᠴᠢᠨᠠᠷ᠂ ᠡᠵᠡᠩᠨᠡᠯᠲᠡ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ᠂ ᠭᠠᠯ | ᠤᠨᠲᠠᠷᠠᠭᠠᠬᠤ ᠠᠮᠤᠷ ᠲᠦᠪᠰᠢᠨ ᠵᠡᠷᠭᠡ ᠲᠠᠯ᠎ᠠ ᠶᠢᠨ ᠪᠠᠶᠢᠳᠠᠯ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ | ᠰᠤᠳᠤᠯᠤᠨ ᠮᠠᠭᠠᠳᠯᠠᠬᠤ ᠶᠢᠨ ᠬᠠᠮᠲᠤ ᠵᠢᠭᠰᠠᠭᠠᠨ ᠪᠠᠶᠢᠴᠠᠭᠠᠬᠤ ᠡᠬᠡ ᠳᠠᠩᠰᠠ ᠪᠠᠶᠢᠭᠤᠯᠵᠤ᠂ ᠠᠮᠤᠷ ᠲᠦᠪᠰᠢᠨ ᠤ | ᠳᠠᠯᠳᠠ ᠬᠡᠮ ᠣᠷᠣᠰᠢᠵᠤ ᠪᠠᠶᠢᠬᠤ ᠶᠢ ᠠᠩᠬ᠎ᠠ ᠠᠯᠬᠤᠮ ᠮᠠᠭᠠᠳᠯᠠᠭᠰᠠᠨ ᠪᠠᠶᠢᠪᠠᠯ ᠳᠠᠯᠳᠠ ᠬᠡᠮ ᠢ ᠴᠡᠭᠴᠡᠯᠡᠨ ᠵᠠᠰᠠᠬᠤ | ᠡᠬᠡ ᠲᠠᠩᠰᠠ ᠪᠠᠶᠢᠭᠤᠯᠬᠤ ᠶᠢᠨ ᠬᠠᠮᠲᠤ ᠴᠠᠭ ᠲᠤᠬᠠᠶ ᠳᠤᠨᠢ ᠲᠤᠰᠬᠠᠶ ᠪᠠᠶᠢᠭᠤᠯᠤᠮᠵᠢ ᠶᠢ ᠤᠷᠢᠵᠤ᠂ ︽ᠠᠷᠠᠳ ᠤᠨ | ᠬᠡᠷᠡᠭᠯᠡᠭᠡᠨ ᠤ ᠪᠠᠷᠢᠯᠭ᠎ᠠ ᠶᠢᠨ ᠨᠠᠶᠢᠳᠠᠪᠤᠷᠢᠲᠤ ᠴᠢᠨᠠᠷ ᠢ ᠬᠢᠨᠠᠨ ᠲᠣᠭᠲᠠᠭᠠᠬᠤ ᠪᠠᠷᠢᠮᠵᠢᠶ᠎ᠠ︾ ︽ᠬᠥᠳᠡᠭᠡ ᠲᠣᠰᠬᠤᠨ ᠤ | ᠣᠷᠣᠨ ᠰᠠᠭᠤᠴᠠ ᠶᠢᠨ ᠠᠮᠤᠷ ᠲᠦᠪᠰᠢᠨ ᠤ ᠴᠢᠨᠠᠷ ᠢ ᠬᠢᠨᠠᠨ ᠲᠣᠭᠲᠠᠭᠠᠬᠤ ᠮᠡᠷᠭᠡᠵᠢᠯ ᠤᠨ ᠵᠢᠯᠣᠭᠤᠳᠬᠤ ᠲᠦᠷᠢᠮ︾ | ᠵᠡᠷᠭᠡ ᠶᠢ ᠦᠨᠳᠦᠰᠦᠯᠡᠨ ᠬᠡᠷ ᠪᠠᠶᠢᠰᠢᠩ ᠤᠨ ᠠᠮᠤᠷ ᠲᠦᠪᠰᠢᠨ ᠢ ᠦᠨᠡᠯᠡᠨ ᠵᠢᠱᠢᠵᠦ ᠬᠢᠨᠠᠨ ᠲᠣᠭᠲᠠᠭᠠᠵᠤ᠂ | ᠦᠨᠡᠯᠡᠨ ᠵᠢᠱᠢᠵᠦ ᠬᠢᠨᠠᠨ ᠲᠣᠭᠲᠠᠭᠠᠭᠰᠠᠨ ᠮᠡᠳᠡᠭᠦᠯᠦᠯᠲᠡ ᠬᠢᠵᠦ ᠥᠭᠬᠦ ᠬᠡᠷᠡᠭᠲᠡᠶ᠃ | ᠵᠢᠨᠨᠰᠠᠭᠠᠨ ᠪᠠᠶᠢᠴᠠᠭᠠᠬᠤ ᠡᠲᠡᠭᠡᠳ ᠪᠠ ᠬᠦᠷᠢᠶ᠎ᠡ ᠬᠡᠪᠴᠢᠶ᠎ᠡ᠄ ᠨᠢᠭᠡ ᠳᠤ᠂ ᠮᠠᠯᠵᠢᠬᠤ ᠲᠠᠷᠢᠶᠠᠯᠠᠬᠤ ᠣᠷᠣᠨ ᠤ | ᠬᠡᠷ ᠪᠠᠶᠢᠰᠢᠩ ᠤᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠳᠤ ︽ᠡᠷᠭᠢᠵᠦ | ᠦᠵᠡᠬᠦ︾ ᠠᠵᠢᠯ ᠬᠢᠵᠦ᠂ ᠭᠤᠤᠯᠳᠠᠯᠭ᠎ᠠ ᠨᠢ ᠨᠠᠰᠤᠵᠢᠯ ᠤᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ | ᠬᠦᠷᠢᠶᠡᠯᠡᠩ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠣᠷᠣᠨ ᠰᠠᠭᠤᠴᠠ᠂ ᠮᠠᠯᠵᠢᠬᠤ ᠲᠠᠷᠢᠶᠠᠯᠠᠬᠤ ᠣᠷᠣᠨ᠂ | ᠰᠢᠶᠠᠩ ᠪᠠᠯᠭᠠᠰᠤ ᠶᠢᠨ ᠡᠵᠡᠩᠨᠡᠯᠲᠡ ᠶᠢᠨ ᠴᠢᠨᠠᠷᠲᠠᠶ ᠬᠡᠷ ᠪᠠᠶᠢᠰᠢᠩ᠂ ᠰᠤᠷᠭᠠᠭᠤᠯᠢ᠂ ᠬᠡᠤᠬᠡᠳ ᠤᠨ ᠴᠡᠴᠡᠷᠯᠢᠭ᠂ | ᠡᠷᠡᠭᠦᠯ ᠬᠠᠮᠠᠭᠠᠯᠠᠯ ᠤᠨ ᠲᠠᠰᠤᠭ᠂ ᠡᠷᠡᠭᠦᠯ ᠬᠠᠮᠠᠭᠠᠯᠠᠯ ᠤᠨ ᠭᠠᠵᠠᠷ ᠵᠡᠷᠭᠡ ᠬᠡᠷᠡᠭᠯᠡᠵᠦ ᠪᠠᠶᠢᠭ᠎ᠠ ᠬᠡᠷ ᠪᠠᠶᠢᠰᠢᠩ︔ | ᠬᠤᠶᠠᠷ ᠲᠤ ᠬᠤᠲᠠ ᠪᠠᠯᠭᠠᠰᠤᠨ ᠤ ᠡᠵᠡᠩᠨᠡᠯᠲᠡ ᠶᠢᠨ ᠴᠢᠨᠠᠷᠲᠠᠶ ᠭᠡᠷ ᠪᠠᠶᠢᠰᠢᠩ ᠪᠣᠯᠤᠨ ᠰᠠᠭᠤᠭᠠᠯᠢ ᠠᠷᠠᠳ ᠤᠨ | ᠣᠷᠣᠨ ᠰᠠᠭᠤᠴᠠ ᠶᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠵᠤ᠂ ᠭᠤᠣᠯᠳᠠᠯᠭ᠎ᠠ ᠨᠢ ᠬᠤᠲᠠ ᠬᠥᠳᠡᠭᠡ ᠶᠢᠨ | ᠠᠭᠤᠯᠵᠠᠷ ᠬᠡᠰᠡᠭ᠂ ᠬᠤᠲᠠ ᠶᠢᠨ ᠳᠤᠮᠳᠠᠬᠢ ᠲᠣᠰᠬᠤᠨ᠂ ᠬᠤᠲᠠ ᠶᠢᠨ ᠵᠠᠬ᠎ᠠ ᠶᠢᠨ ᠲᠣᠰᠬᠤᠨ ᠤ ᠡᠵᠡᠩᠨᠡᠯᠲᠡ ᠶᠢᠨ | ᠴᠢᠨᠠᠷᠲᠠᠶ ᠭᠡᠷ ᠪᠠᠶᠢᠰᠢᠩ᠂ ᠰᠤᠷᠭᠠᠭᠤᠯᠢ᠂ ᠬᠡᠦᠬᠡᠳ ᠤᠨ ᠴᠡᠴᠡᠷᠯᠢᠭ᠂ ᠡᠮᠨᠡᠯᠭᠡ ᠶᠢᠨ ᠬᠤᠷᠢᠶ᠎ᠠ᠂ ᠨᠠᠰᠤᠲᠠᠨ ᠢ | ᠠᠰᠠᠷᠠᠬᠤ ᠬᠦᠷᠢᠶᠡᠯᠡᠩ᠂ ᠬᠤᠳᠠᠯᠳᠤᠭᠠᠨ ᠤ ᠬᠦᠷᠢᠶ᠎ᠡ᠂ ᠠᠵᠤ ᠠᠬᠤᠶᠢᠯᠠᠯ ᠤᠨ ᠡᠷᠬᠢᠨ ᠲᠣᠭᠤᠷᠢᠨ ᠵᠡᠷᠭᠡ ︽ | ᠭᠤᠷᠪᠠ ᠶᠢ ᠨᠢᠭᠡᠳᠬᠡᠭᠰᠡᠨ︾ ︵ᠳᠠᠷᠤᠶ ᠬᠤᠨᠣᠭᠯᠠᠬᠤ ᠪᠠ ᠦᠢᠯᠡᠳᠪᠦᠷᠢᠯᠡᠬᠦ᠂ ᠬᠥᠮᠥᠷᠭᠡᠯᠡᠨ ᠬᠠᠳᠠᠭᠠᠯᠠᠬᠤ᠂ | ᠡᠵᠡᠩᠨᠡᠬᠦ ᠨᠢᠭᠡ ᠪᠤᠶᠤ ᠨᠢᠭᠡ ᠠᠴᠠ ᠳᠡᠭᠡᠭᠰᠢ ᠬᠡᠷᠡᠭᠯᠡᠭᠡᠨ ᠤ ᠴᠢᠳᠠᠮᠵᠢ ᠶᠢ ᠲᠦᠷᠢᠮ ᠠᠴᠠ ᠵᠥᠷᠢᠴᠡᠨ ᠠᠳᠠᠯᠢ ᠨᠢᠭᠡᠨ | ᠣᠷᠣᠨ ᠵᠠᠶ ᠳᠤ ᠬᠤᠯᠢᠯᠳᠤᠭᠤᠯᠤᠨ ᠪᠠᠶᠢᠭᠤᠯᠤᠭᠰᠠᠨ ᠪᠠᠷᠢᠯᠭ᠎ᠠ︶᠂ ︽ᠶᠢᠰᠦᠨ ᠵᠢᠵᠢᠭ ᠲᠠᠯᠠᠪᠤᠷ ᠭᠠᠵᠠᠷ︾ ︵ | ᠳᠠᠷᠤᠶ ᠪᠠᠭ᠎ᠠ ᠰᠤᠷᠭᠠᠭᠤᠯᠢ ᠪᠤᠶᠤ ᠬᠡᠤᠬᠡᠳ ᠤᠨ ᠴᠡᠴᠡᠷᠯᠢᠭ᠂ ᠪᠠᠭ᠎ᠠ ᠡᠮᠨᠡᠯᠭᠡ ᠶᠢᠨ ᠬᠤᠷᠢᠶ᠎ᠠ᠂ ᠪᠠᠭ᠎ᠠ ᠳᠡᠯᠭᠡᠭᠦᠷ᠂ | ᠪᠠᠭ᠎ᠠ ᠢᠳᠡᠭᠡᠨ ᠤᠮᠳᠠᠭᠠᠨ ᠤ ᠲᠠᠯᠠᠪᠤᠷ ᠭᠠᠵᠠᠷ᠂ ᠪᠠᠭ᠎ᠠ ᠪᠠᠭᠤᠳᠠᠯ᠂ ᠪᠠᠭ᠎ᠠ ᠳᠠᠭᠤᠤ ᠪᠥᠵᠢᠭ ᠵᠤᠭ᠎ᠠ ᠴᠡᠩᠭᠡᠯ ᠤᠨ | ᠲᠠᠯᠠᠪᠤᠷ ᠭᠠᠵᠠᠷ᠂ ᠪᠠᠭ᠎ᠠ ᠰᠦᠯᠵᠢᠶᠡᠨ ᠤ ᠪᠠᠭᠠᠷ᠂ ᠪᠠᠭ᠎ᠠ ᠵᠢᠰᠦ ᠭᠤᠶᠣᠯᠠᠬᠤ ᠤᠬᠢᠶᠠᠯᠭ᠎ᠠ ᠶᠢᠨ ᠲᠠᠯᠠᠪᠤᠷ ᠭᠠᠵᠠᠷ᠂ | ᠪᠠᠭ᠎ᠠ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ︶︔ ᠭᠤᠷᠪᠠ ᠳᠤ ᠬᠤᠲᠠ ᠪᠠᠯᠭᠠᠰᠤᠨ ᠤ ᠲᠣᠭᠲᠠᠭᠠᠯ ᠠᠴᠠ | ᠵᠥᠷᠢᠴᠡᠨ ᠵᠠᠰᠠᠵᠤ ᠴᠢᠮᠡᠭᠯᠡᠭᠰᠡᠨ ᠣᠷᠣᠨ ᠰᠠᠭᠤᠴᠠ᠃ | ᠵᠢᠨᠨᠰᠠᠭᠠᠨ ᠪᠠᠶᠢᠴᠠᠭᠠᠬᠤ ᠭᠤᠤᠯᠳᠠᠯᠭ᠎ᠠ᠄ ᠳᠡᠭᠡᠷ᠎ᠡ ᠳᠤᠷᠠᠳᠤᠭᠰᠠᠨ ᠭᠤᠷᠪᠠᠨ ᠲᠥᠷᠥᠯ ᠤᠨ ᠭᠤᠤᠯᠳᠠᠯᠭ᠎ᠠ ᠲᠠᠢ | ᠵᠢᠭᠰᠠᠭᠠᠨ ᠪᠠᠶᠢᠴᠠᠭᠠᠬᠤ ᠡᠲᠡᠭᠡᠳ ᠲᠤ ᠪᠦᠬᠦᠨ ᠢ ᠬᠠᠮᠤᠷᠤᠨ ᠵᠢᠭᠰᠠᠭᠠᠨ ᠪᠠᠶᠢᠴᠠᠭᠠᠬᠤ ᠬᠡᠷᠡᠭᠲᠡᠶ᠂ ᠨᠢᠭᠡ ᠳᠤ᠂ | ᠲᠡᠳᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ᠂ ᠥᠮᠴᠢᠯᠡᠬᠦ ᠡᠷᠬᠡᠲᠦ ᠬᠥᠮᠦᠨ᠂ ᠬᠡᠷᠡᠭᠯᠡᠭᠴᠢ ᠶᠢᠨ ᠲᠥᠷᠥᠯ | ᠵᠦᠢᠯ ᠲᠣᠭᠲᠠᠭᠠᠬᠤ᠂ ᠭᠠᠵᠠᠷ ᠰᠢᠷᠣᠶ᠂ ᠲᠥᠯᠥᠪᠵᠢᠭᠦᠯᠭᠡ᠂ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠬᠢᠨᠠᠨ | ᠬᠠᠮᠢᠶᠠᠷᠬᠤ᠂ ᠵᠠᠰᠠᠵᠤ ᠴᠢᠮᠡᠭᠯᠡᠬᠦ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠪᠠᠶᠢᠴᠠᠭᠠᠨ ᠰᠢᠯᠭᠠᠵᠤ ᠬᠢᠨᠠᠨ | ᠲᠣᠭᠲᠠᠭᠠᠬᠤ᠂ ᠠᠰᠢᠭᠯᠠᠯᠲᠠ ᠳᠤ ᠣᠷᠣᠭᠤᠯᠬᠤ ᠵᠡᠷᠭᠡ ᠬᠠᠤᠯᠢ ᠪᠠᠷ ᠲᠣᠭᠲᠠᠭᠠᠭᠰᠠᠨ ᠦᠨᠳᠦᠰᠦᠨ ᠪᠥᠲᠥᠭᠡᠨ | ᠪᠠᠶᠢᠭᠤᠯᠤᠯᠲᠠ ᠶᠢᠨ ᠲᠠᠰ ᠳᠠᠷᠠᠭᠠᠯᠠᠯ ᠪᠠ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠦᠢᠯᠡ ᠠᠵᠢᠯᠯᠠᠭ᠎ᠠ ᠶᠢ | ᠭᠦᠢᠴᠡᠳᠭᠡᠬᠦ ᠵᠡᠷᠭᠡ ᠭᠤᠭᠴᠤᠭ᠎ᠠ ᠳᠤ ᠪᠥᠬᠦ ᠶᠠᠪᠤᠴᠠ ᠶᠢᠨ ᠵᠢᠭᠰᠠᠭᠠᠨ ᠪᠠᠶᠢᠴᠠᠭᠠᠯᠲᠠ ᠬᠢᠨ᠎ᠠ︔ ᠬᠤᠶᠠᠷ ᠲᠤ᠂ | ᠪᠠᠶᠢᠭᠤᠯᠤᠭᠰᠠᠨ ᠣᠨ ᠵᠢᠯ ᠨᠢ ᠨᠡᠯᠢᠶᠡᠳ ᠡᠷᠲᠡ᠂ ᠤᠷᠲᠤ ᠬᠤᠭᠤᠴᠠᠭ᠎ᠠ ᠰᠡᠯᠪᠢᠨ ᠵᠠᠰᠠᠭᠰᠠᠨ ᠦᠭᠡᠶ᠂ | ᠬᠠᠮᠢᠶᠠᠷᠤᠯᠲᠠ ᠠᠯᠳᠠᠭᠰᠠᠨ᠂ ᠬᠡᠷᠡᠭᠯᠡᠬᠦ ᠴᠢᠳᠠᠮᠵᠢ ᠶᠢ ᠳᠤᠷ᠎ᠠ ᠪᠠᠷ ᠢᠶᠠᠨ ᠬᠤᠪᠢᠷᠠᠭᠤᠯᠵᠤ᠂ ᠲᠣᠭᠲᠠᠭᠠᠯ ᠠᠴᠠ | ᠵᠥᠷᠢᠴᠡᠨ ᠡᠵᠡᠩᠨᠡᠬᠦ ︵ᠲᠦᠷᠢᠶᠡᠰᠦᠯᠡᠭᠦᠯᠬᠦ︶᠂ ᠪᠦᠲᠦᠴᠡ ᠪᠠ ᠪᠠᠶᠢᠷᠢᠰᠢᠭᠤᠯᠤᠯᠲᠠ ᠶᠢ ᠳᠤᠷ᠎ᠠ ᠪᠠᠷ ᠢᠶᠠᠨ | ᠬᠤᠪᠢᠷᠠᠭᠤᠯᠵᠤ᠂ ᠬᠠᠤᠯᠢ ᠠᠴᠠ ᠵᠥᠷᠢᠴᠡᠨ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠳᠤᠷ᠎ᠠ ᠪᠠᠷ ᠢᠶᠠᠨ ᠥᠨᠳᠥᠷ | ᠲᠠᠰ ᠨᠡᠮᠡᠬᠦ ᠵᠢᠴᠢ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠮᠠᠯᠲᠠᠬᠤ ᠵᠡᠷᠭᠡ ᠪᠠᠷ ᠡᠵᠡᠩᠨᠡᠯᠲᠡ ᠳᠤ ᠬᠡᠷᠡᠭᠯᠡᠵᠦ᠂ | ᠬᠥᠮᠦᠨ ᠬᠠᠷ᠎ᠠ ᠨᠢᠭᠲᠠᠷᠠᠭᠰᠠᠨ ᠬᠡᠷ ᠪᠠᠶᠢᠰᠢᠩ ᠵᠢᠴᠢ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠬᠠᠷᠢᠯᠴᠠᠨ | ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠳᠤ ᠲᠥᠷᠥᠯ ᠵᠦᠢᠯ ᠳᠠᠷᠠᠭᠠᠯᠠᠨ ᠪᠦᠬᠦᠨ ᠢ ᠬᠠᠮᠤᠷᠤᠭᠤᠯᠵᠤ ᠳᠠᠬᠢᠨ | ᠳᠠᠪᠲᠠᠨ ᠵᠢᠭᠰᠠᠭᠠᠨ ᠪᠠᠶᠢᠴᠠᠭᠠᠵᠤ᠂ ᠲᠤᠰᠬᠠᠶ ᠮᠡᠷᠭᠡᠵᠢᠯ ᠤᠨ ᠬᠢᠨᠠᠨ ᠲᠣᠭᠲᠠᠭᠠᠯᠲᠠ ᠬᠢᠨ᠎ᠠ᠃ | ︵ᠬᠤᠶᠠᠷ︶ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠲᠥᠪᠯᠡᠷᠡᠭᠦᠯᠦᠨ ᠴᠡᠭᠴᠡᠯᠡᠨ | ᠵᠠᠰᠠᠨ᠎ᠠ ︵2022 ᠣᠨ ᠤ 6 ᠰᠠᠷ᠎ᠠ ᠶᠢᠨ 1 ᠤ ᠡᠳᠦᠷ ᠠᠴᠠ 2022 ᠣᠨ ᠤ 9 ᠰᠠᠷ᠎ᠠ ᠶᠢᠨ 30 ᠤ ᠡᠳᠦᠷ | ᠪᠣᠯᠲᠠᠯ᠎ᠠ︶ | ᠦᠨᠡᠯᠡᠨ ᠵᠢᠱᠢᠵᠦ ᠬᠢᠨᠠᠨ ᠲᠣᠭᠲᠠᠭᠠᠬᠤ ᠪᠠᠷ ᠳᠡᠮᠵᠢᠨ ᠠᠮᠤᠷ ᠲᠦᠪᠰᠢᠨ ᠤ ᠳᠠᠯᠳᠠ ᠬᠡᠮ ᠣᠷᠣᠰᠢᠵᠤ | ᠪᠠᠶᠢᠪᠠᠯ ᠪᠦᠬᠦᠨ ᠢ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠬᠦᠷᠢᠶ᠎ᠡ ᠬᠡᠪᠴᠢᠶᠡᠨ ᠳᠤ ᠣᠷᠣᠭᠤᠯᠵᠤ᠂ ᠳᠠᠯᠳᠠ | ᠬᠡᠮ ᠢ ᠴᠡᠭᠴᠡᠯᠡᠨ ᠵᠠᠰᠠᠬᠤ ᠡᠬᠡ ᠲᠠᠩᠰᠠ ᠶᠢ ᠨᠢᠭᠡᠳ ᠨᠢᠭᠡ ᠪᠠᠷ ᠪᠠᠶᠢᠭᠤᠯᠤᠨ᠂ ᠲᠤᠰᠬᠠᠶ ᠬᠥᠮᠦᠨ ᠲᠣᠮᠢᠯᠠᠵᠤ | ᠥᠮᠴᠢᠯᠡᠯ ᠤᠨ ᠡᠷᠬᠡᠲᠦ ᠬᠥᠮᠦᠨ᠂ ᠬᠡᠷᠡᠭᠯᠡᠭᠴᠢ ᠶᠢ ᠴᠢᠩᠭ᠎ᠠ ᠬᠢᠨᠠᠨ ᠵᠢᠯᠣᠭᠤᠳᠴᠤ ᠪᠠᠶᠢᠭᠠᠳ ᠲᠤᠰᠬᠠᠶ ᠴᠡᠭᠴᠡᠯᠡᠨ | ᠰᠠᠶᠢᠵᠢᠷᠠᠭᠤᠯᠵᠤ᠂ ᠮᠥᠷᠳᠡᠨ ᠳ᠋ᠤᠭᠠᠷ ᠢ ᠨᠢ ᠬᠠᠰᠤᠵᠤ᠂ ᠨᠢᠭᠡ ᠡᠷᠦᠬᠡ ᠶᠢ ᠴᠡᠭᠴᠡᠯᠡᠨ ᠰᠠᠶᠢᠵᠢᠷᠠᠭᠤᠯᠵᠤ᠂ ᠨᠢᠭᠡ | ᠡᠷᠦᠬᠡ ᠶᠢ ᠨᠢ ᠬᠠᠰᠤᠵᠤ᠂ ᠪᠢᠲᠡᠭᠦᠦ ᠴᠠᠭᠠᠷᠢᠭ ᠢᠶᠠᠷ ᠬᠠᠮᠢᠶᠠᠷᠴᠤ᠂ ᠠᠮᠤᠷ ᠲᠦᠪᠰᠢᠨ ᠤ ᠳᠠᠯᠳᠠ ᠬᠡᠮ ᠢ | ᠲᠦᠢᠯᠪᠤᠷᠢᠲᠠᠶ ᠠᠷᠢᠯᠭᠠᠬᠤ ᠬᠡᠷᠡᠭᠲᠡᠶ᠃ | ᠪᠣᠳᠡᠳᠡᠢ ᠪᠠᠷ ᠬᠤᠶᠠᠷ ᠱᠠᠲᠤ ᠬᠤᠪᠢᠶᠠᠨ᠎ᠠ᠄ | 1. 2022 ᠣᠨ ᠤ 7 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ᠂ ᠵᠠᠭᠤᠨ ᠡᠳᠦᠷ ᠤᠨ | ᠰᠢᠪᠲᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠭᠤᠷᠪᠠᠨ ᠲᠥᠷᠥᠯ ᠤᠨ ᠵᠢᠭᠰᠠᠭᠠᠨ ᠪᠠᠶᠢᠴᠠᠭᠠᠬᠤ | ᠭᠤᠤᠯᠳᠠᠯᠭ᠎ᠠ ᠲᠠᠢ᠂ ᠢᠯᠠᠩᠭᠤᠶ᠎ᠠ ᠡᠵᠡᠩᠨᠡᠯᠲᠡ ᠶᠢᠨ ᠴᠢᠨᠠᠷᠲᠠᠶ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ | ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠲᠤᠰᠬᠠᠶ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠦᠨ᠎ᠡ᠃ | 2. 2022 ᠣᠨ ᠤ 9 ᠰᠠᠷ᠎ᠠ ᠶᠢᠨ 30 ᠤ ᠡᠳᠦᠷ ᠠᠴᠠ ᠡᠮᠦᠨ᠎ᠡ᠂ ᠪᠥᠬᠦ ᠬᠤᠰᠢᠭᠤᠨ ᠤ ᠵᠢᠭᠰᠠᠭᠠᠨ | ᠪᠠᠶᠢᠴᠠᠭᠠᠬᠤ ᠪᠠᠷ ᠳᠡᠮᠵᠢᠨ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠪᠣᠶ ᠪᠥᠬᠦᠶ ᠣᠷᠣᠨ ᠰᠠᠭᠤᠴᠠ | ᠪᠠ ᠪᠤᠰᠤᠳ ᠡᠵᠡᠩᠨᠡᠯᠲᠡ ᠶᠢᠨ ᠪᠤᠰᠤ ᠴᠢᠨᠠᠷᠲᠠᠶ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ | ᠳᠠᠯᠳᠠ ᠬᠡᠮ ᠢ ᠵᠢᠭᠰᠠᠭᠠᠨ ᠪᠠᠶᠢᠴᠠᠭᠠᠬᠤ ᠲᠤᠰᠬᠠᠶ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠦᠨ᠎ᠡ᠃ | ᠴᠡᠭᠴᠡᠯᠡᠨ ᠵᠠᠰᠠᠬᠤ ᠠᠷᠭ᠎ᠠ ᠬᠡᠮᠵᠢᠶ᠎ᠡ᠄ ᠨᠢᠭᠡ ᠳᠤ ᠨᠢᠭᠡ ᠲᠠᠯ᠎ᠠ ᠪᠠᠷ ᠬᠢᠨᠠᠨ ᠵᠥᠪᠰᠢᠶᠡᠷᠡᠵᠦ᠂ ᠨᠢᠭᠡ ᠲᠠᠯ᠎ᠠ ᠪᠠᠷ | ᠵᠢᠷᠤᠭᠯᠠᠨ ᠲᠥᠯᠥᠪᠯᠡᠵᠦ᠂ ᠨᠢᠭᠡ ᠲᠠᠯ᠎ᠠ ᠪᠠᠷ ᠪᠠᠷᠢᠯᠭ᠎ᠠ ᠪᠠᠷᠢᠭᠰᠠᠨ ᠪᠠᠶᠢᠪᠠᠯ᠂ ᠳᠠᠷᠦ᠋ᠢᠬᠠᠨ ᠵᠠᠷᠯᠢᠭᠳᠠᠵᠤ ᠪᠠᠶᠢᠭᠠᠳ | ᠪᠥᠲᠥᠭᠡᠨ ᠪᠠᠶᠢᠭᠤᠯᠤᠯᠲᠠ ᠶᠢ ᠨᠢ ᠵᠣᠭᠰᠣᠭᠠᠬᠤ ᠬᠡᠷᠡᠭᠲᠡᠶ᠂ ᠠᠮᠤᠷ ᠲᠦᠪᠰᠢᠨ ᠤ ᠳᠠᠯᠳᠠ ᠬᠡᠮ ᠢ ᠲᠦᠢᠯᠪᠤᠷᠢᠲᠠᠶ | ᠠᠷᠢᠯᠭᠠᠬᠤ ᠠᠴᠠ ᠡᠮᠦᠨ᠎ᠡ ᠪᠥᠲᠥᠭᠡᠨ ᠪᠠᠶᠢᠭᠤᠯᠤᠯᠲᠠ ᠶᠢ ᠰᠡᠷᠭᠦᠭᠡᠵᠦ ᠪᠣᠯᠬᠤ ᠥᠬᠡᠶ᠃ ᠬᠤᠶᠠᠷ ᠲᠤ ᠡᠩ ᠤᠨ | ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠶᠢ ᠵᠢᠭᠰᠠᠭᠠᠨ ᠪᠠᠶᠢᠴᠠᠭᠠᠵᠤ ᠰᠤᠳᠤᠯᠤᠨ ᠮᠠᠭᠠᠳᠯᠠᠬᠤ ᠶᠢᠨ | ᠬᠠᠮᠲᠤ ᠨᠤᠷᠠᠬᠤ ᠠᠶᠤᠯᠲᠠᠶ ᠪᠤᠰᠤ ᠬᠡᠷ ᠪᠠᠶᠢᠰᠢᠩ ᠢᠶᠠᠷ ᠬᠢᠨᠠᠨ ᠲᠣᠭᠲᠠᠭᠠᠭᠰᠠᠨ᠂ ᠰᠡᠯᠪᠢᠨ ᠵᠠᠰᠠᠵᠤ ᠪᠠᠬᠢᠵᠢᠭᠦᠯᠬᠦ | ᠵᠡᠷᠭᠡ ᠠᠷᠭ᠎ᠠ ᠬᠡᠮᠵᠢᠶ᠎ᠡ ᠪᠠᠷ ᠳᠡᠮᠵᠢᠨ ᠴᠡᠭᠴᠡᠯᠡᠨ ᠵᠠᠰᠠᠵᠤ ᠳᠡᠶᠢᠯᠬᠦ ᠶᠢ ᠨᠢ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ | ᠳᠠᠷᠤᠶ ᠳᠤᠨᠢ ᠥᠭᠡᠷᠡᠴᠢᠯᠡᠬᠦ ᠬᠡᠷᠡᠭᠲᠡᠶ᠃ ᠭᠤᠷᠪᠠ ᠳᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠶᠢ | ᠵᠢᠭᠰᠠᠭᠠᠨ ᠪᠠᠶᠢᠴᠠᠭᠠᠵᠤ ᠰᠤᠳᠤᠯᠤᠨ ᠮᠠᠭᠠᠳᠯᠠᠭᠰᠠᠨ ᠪᠥᠭᠡᠳ ᠨᠤᠷᠠᠬᠤ ᠠᠶᠤᠯᠲᠠᠶ ᠬᠡᠷ ᠪᠠᠶᠢᠰᠢᠩ ᠢᠶᠠᠷ ᠬᠢᠨᠠᠨ | ᠲᠣᠭᠲᠠᠭᠠᠭᠰᠠᠨ ᠪᠠᠶᠢᠪᠠᠯ᠂ ᠬᠡᠷᠡᠭᠯᠡᠬᠦ ᠶᠢ ᠨᠢ ᠵᠣᠭᠰᠣᠭᠠᠵᠤ᠂ ᠠᠵᠢᠯᠲᠠᠨ ᠢ ᠨᠢ ᠵᠠᠶᠢᠯᠠᠭᠤᠯᠤᠨ᠂ ᠨᠤᠷᠠᠬᠤ ᠠᠶᠤᠯᠲᠠᠶ | ᠬᠡᠷ ᠪᠠᠶᠢᠰᠢᠩ ᠤᠨ ᠬᠥᠮᠦᠨ ᠰᠠᠭᠤᠬᠤ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠢᠯᠠᠩᠭᠤᠶ᠎ᠠ ᠡᠵᠡᠩᠨᠡᠯᠲᠡ ᠶᠢᠨ | ᠴᠢᠨᠠᠷᠲᠠᠶ ᠬᠡᠷᠡᠭᠯᠡᠬᠦ ᠬᠡᠷ ᠪᠠᠶᠢᠰᠢᠩ ᠢ ᠡᠵᠡᠩᠨᠡᠯᠲᠡ ᠶᠢᠨ ᠠᠵᠢᠯᠯᠠᠭ᠎ᠠ ᠶᠢ ᠨᠢ ᠳᠠᠷᠤᠶ ᠲᠦᠷᠭᠡᠨ ᠵᠠᠷᠯᠢᠭᠳᠠᠨ | ᠵᠣᠭᠰᠣᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ᠂ ᠥᠮᠴᠢᠯᠡᠯ ᠤᠨ ᠡᠷᠬᠡᠲᠦ ᠬᠥᠮᠦᠨ᠂ ᠬᠡᠷᠡᠭᠯᠡᠭᠴᠢ ᠶᠢ | ᠬᠥᠲᠥᠯᠦᠨ ᠵᠢᠯᠣᠭᠤᠳᠴᠤ ᠪᠠᠶᠢᠭᠠᠳ ᠨᠤᠷᠠᠭᠠᠬᠤ᠂ ᠳᠠᠬᠢᠨ ᠪᠠᠶᠢᠭᠤᠯᠬᠤ᠂ ᠪᠠᠬᠢᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠬᠡᠷᠡᠭᠲᠡᠶ᠃ ᠠᠮᠤᠷ ᠲᠦᠪᠰᠢᠨ ᠤ ᠳᠠᠯᠳᠠ ᠭᠡᠮ ᠢ | ᠲᠦᠢᠯᠪᠤᠷᠢᠲᠠᠶ ᠠᠷᠢᠯᠭᠠᠬᠤ ᠠᠴᠠ ᠡᠮᠦᠨ᠎ᠡ᠂ ᠡᠵᠡᠩᠨᠡᠯᠲᠡ ᠶᠢᠨ ᠠᠵᠢᠯᠯᠠᠭ᠎ᠠ ᠪᠠᠨ ᠰᠡᠷᠭᠦᠭᠡᠵᠦ ᠪᠣᠯᠬᠤ ᠦᠭᠡᠢ᠃ | ᠲᠦᠷᠪᠡ ᠳᠤ ᠥᠮᠴᠢᠯᠡᠯ ᠤᠨ ᠡᠷᠬᠡᠲᠦ ᠬᠥᠮᠦᠨ ᠤ ᠬᠡᠷᠡᠭᠯᠡᠭᠴᠢ ᠶᠢ ᠰᠢᠪᠠᠳᠠᠨ ᠵᠢᠯᠣᠭᠤᠳᠴᠤ ᠪᠠᠶᠢᠭᠠᠳ ︽ᠣᠷᠣᠨ | ᠰᠠᠭᠤᠴᠠ ᠶᠢᠨ ᠥᠷᠥᠭᠡᠨ ᠤ ᠳᠣᠲᠣᠷᠠᠬᠢ ᠵᠠᠰᠠᠯ ᠴᠢᠮᠡᠭᠯᠡᠯ ᠤᠨ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ | ᠭᠦᠢᠴᠡᠳᠬᠡᠭᠦᠯᠦᠨ᠎ᠡ᠃ ᠲᠠᠪᠤ ᠳᠤ ᠣᠯᠵᠤ ᠮᠡᠳᠡᠭᠰᠡᠨ ᠬᠠᠤᠯᠢ ᠶᠢ ᠵᠥᠷᠢᠴᠡᠭᠰᠡᠨ ᠡᠯ᠎ᠡ ᠵᠦᠢᠯ ᠤᠨ ᠠᠵᠢᠯᠯᠠᠭ᠎ᠠ᠂ | ᠬᠦᠨᠳᠦ ᠶᠡᠭᠡ ᠠᠮᠤᠷ ᠲᠦᠪᠰᠢᠨ ᠤ ᠲᠠᠯᠳᠠ ᠭᠡᠮ ᠣᠷᠣᠰᠢᠵᠤ ᠪᠠᠶᠢᠬᠤ ᠪᠠ ᠴᠡᠭᠴᠡᠯᠡᠨ ᠰᠠᠶᠢᠵᠢᠷᠠᠭᠤᠯᠬᠤ ᠶᠢ | ᠲᠡᠪᠴᠢᠭᠰᠡᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠵᠢᠴᠢ ᠬᠤᠯᠪᠣᠭᠳᠠᠯ ᠪᠦᠬᠦᠢ ᠬᠥᠮᠦᠰ ᠢ ᠬᠠᠤᠯᠢ ᠲᠣᠭᠲᠠᠭᠠᠯ | ᠶᠣᠰᠣᠭᠠᠷ ᠬᠠᠮᠲᠤᠷᠠᠨ ᠵᠠᠯᠬᠠᠭᠠᠨ ᠰᠢᠳᠬᠡᠨ᠎ᠡ᠃ ᠵᠢᠷᠭᠤᠭ᠎ᠠ ᠳᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ | ᠭᠠᠵᠠᠷ ᠲᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠪᠥᠭᠡᠳ ᠨᠤᠷᠠᠬᠤ ᠠᠶᠤᠯᠲᠠᠢ ᠭᠡᠷ | ᠪᠠᠶᠢᠰᠢᠩ ᠢᠶᠠᠷ ᠬᠢᠨᠠᠨ ᠲᠣᠭᠲᠠᠭᠠᠭᠰᠠᠨ ᠪᠠᠶᠢᠪᠠᠯ ᠡᠷᠬᠡᠪᠰᠢ ᠨᠤᠷᠠᠭᠠᠵᠤ᠂ ᠠᠶᠢᠯ ᠲᠣᠰᠬᠤᠨ ᠳᠤ ᠰᠠᠭᠤᠭ᠎ᠠ | ᠬᠥᠮᠦᠰ ᠤᠨ ᠣᠷᠣᠨ ᠰᠠᠭᠤᠴᠠ ᠶᠢᠨ ᠭᠠᠵᠠᠷ ᠢ ᠵᠠᠰᠠᠭ ᠵᠠᠬᠢᠷᠭᠠᠨ ᠤ ᠭᠠᠴᠠᠭ᠎ᠠ ᠪᠤᠶᠤ ᠰᠢᠶᠠᠩ ᠪᠠᠯᠭᠠᠰᠤᠨ ᠤ | ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ ᠰᠣᠯᠢᠵᠤ ᠪᠣᠯᠤᠨ᠎ᠠ᠃ | ︵ᠭᠤᠷᠪᠠ︶ ᠲᠤᠷᠰᠢᠯᠭ᠎ᠠ ᠪᠠᠨ ᠳ᠋ᠦᠩᠨᠡᠵᠦ᠂ ᠲᠦᠷᠢᠮ ᠲᠣᠭᠲᠠᠭᠠᠯ ᠲᠣᠭᠲᠠᠭᠠᠨ᠎ᠠ ︵2022 ᠣᠨ ᠤ 10 | ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ ᠰᠡᠭᠦᠯᠴᠢ ᠪᠣᠯᠲᠠᠯ᠎ᠠ︶᠃ ᠨᠢᠭᠡ ᠳᠤ᠂ ᠪᠥᠬᠦ ᠬᠤᠰᠢᠭᠤᠨ ᠤ | ᠥᠪᠡᠷ ᠢᠶᠠᠨ ᠪᠠᠷᠢᠨᠨᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ | ᠲᠤᠰᠬᠠᠶ ᠴᠡᠭᠴᠡᠯᠡᠨ ᠵᠠᠰᠠᠬᠤ ᠰᠢᠰᠲ᠋ᠧᠮᠵᠢᠭᠰᠡᠨ ᠮᠡᠳᠡᠭᠡ ᠵᠠᠩᠭᠢᠵᠢᠯᠲᠠ ᠶᠢᠨ ᠡᠬᠡ ᠲᠠᠩᠰᠠ ᠶᠢ ᠪᠠᠶᠢᠭᠤᠯᠤᠨ᠎ᠠ︔ | ᠬᠤᠶᠠᠷ ᠲᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠥᠪᠡᠷ ᠢᠶᠠᠨ ᠪᠠᠷᠢᠭᠰᠠᠨ ᠭᠡᠷ ᠪᠠᠶᠢᠰᠢᠩ | ᠪᠠᠶᠢᠭᠤᠯᠬᠤ ᠵᠢᠴᠢ ᠬᠡᠷᠡᠭᠯᠡᠬᠦ ᠠᠮᠤᠷ ᠲᠦᠪᠰᠢᠨ ᠤ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ᠂ | ᠥᠮᠴᠢᠯᠡᠯ ᠤᠨ ᠡᠷᠬᠡᠲᠦ ᠬᠥᠮᠦᠨ ᠪᠠ ᠬᠡᠷᠡᠭᠯᠡᠭᠴᠢ ᠶᠢᠨ ᠠᠮᠤᠷ ᠲᠦᠪᠰᠢᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢᠨ ᠤᠬᠠᠮᠰᠠᠷ ᠢ ᠳᠡᠭᠡᠭᠰᠢᠯᠡᠭᠦᠯᠵᠦ᠂ ᠡᠵᠡᠩᠨᠡᠯᠲᠡ ᠶᠢᠨ ᠴᠢᠨᠠᠷᠲᠠᠢ ᠪᠠ ᠬᠥᠮᠦᠨ ᠬᠠᠷ᠎ᠠ | ᠨᠢᠭᠲᠠᠷᠠᠭᠰᠠᠨ ᠴᠢᠨᠠᠷᠲᠠᠢ ᠭᠡᠷ ᠪᠠᠶᠢᠰᠢᠩ ᠤᠨ ᠡᠵᠡᠩᠨᠡᠯᠲᠡ ᠶᠢᠨ ᠪᠠᠶᠢᠳᠠᠯ ᠳᠤ ᠬᠥᠳᠡᠯᠦᠩᠭᠦᠢ ᠬᠢᠨᠠᠨ ᠬᠡᠮᠵᠢᠯᠲᠡ ᠬᠢᠵᠦ | ᠂ ᠡᠵᠡᠩᠨᠡᠯᠲᠡ ᠶᠢᠨ ᠴᠢᠨᠠᠷᠲᠠᠢ ᠪᠠ ᠬᠥᠮᠦᠨ ᠬᠠᠷ᠎ᠠ ᠨᠢᠭᠲᠠᠷᠠᠭᠰᠠᠨ ᠴᠢᠨᠠᠷᠲᠠᠢ ᠵᠡᠷᠭᠡ ᠭᠡᠷ ᠪᠠᠶᠢᠰᠢᠩ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠭᠤᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠪᠥᠬᠦ ᠬᠤᠰᠢᠭᠤᠨ ᠤ | ᠥᠪᠡᠷ ᠢᠶᠠᠨ ᠪᠠᠷᠢᠨᠨᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ | ᠲᠤᠰᠬᠠᠶ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠤᠯᠬᠤ ᠶᠢ ᠪᠥᠬᠦ ᠲᠠᠯ᠎ᠠ ᠪᠠᠷ ᠠᠬᠢᠭᠤᠯᠬᠤ ᠶᠢᠨ | ᠲᠥᠯᠥᠭᠡ᠂ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠲᠤᠰᠬᠠᠶ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠲᠥᠰᠦᠯ ᠲᠣᠭᠲᠠᠭᠠᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠶᠢ ᠲᠣᠳᠣᠷᠬᠠᠶᠢᠯᠠᠨ᠂ | ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ | ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ᠃ | | ︵ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ︽ᠬᠡᠨ ᠡᠵᠡᠮᠰᠢᠪᠡᠯ | ᠲᠡᠷᠡ ᠬᠠᠷᠢᠭᠤᠴᠠᠬᠤ︾᠂ ︽ᠬᠡᠨ ᠵᠢᠭᠰᠠᠭᠠᠨ ᠪᠠᠶᠢᠴᠠᠭᠠᠵᠤ᠂ ᠬᠡᠨ ᠭᠠᠷ ᠤᠨ ᠥᠰᠥᠭ ᠵᠢᠷᠤᠪᠠᠯ ᠲᠡᠷᠡ | ᠬᠠᠷᠢᠭᠤᠴᠠᠬᠤ︾᠂ ︽ᠬᠡᠨ ᠭᠤᠤᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ︾᠂ ︽ᠬᠡᠨ ᠰᠢᠯᠭᠠᠨ ᠠᠪᠤᠭᠰᠠᠨ ᠪᠣᠯ | ᠲᠡᠷᠡ ᠬᠠᠷᠢᠭᠤᠴᠠᠬᠤ︾᠂ ︽ᠬᠡᠨ ᠤᠷᠢᠭᠰᠠᠨ ᠪᠣᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠪᠣᠳᠠᠲᠠᠶ | ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ᠂ ᠬᠡᠷ ᠪᠠᠶᠢᠰᠢᠩ ᠤᠨ ᠥᠮᠴᠢᠯᠡᠭᠴᠢ ᠶᠢᠨ ᠬᠡᠷᠡᠭᠯᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠵᠢᠯᠣᠭᠤᠳᠬᠤ ᠬᠠᠷᠢᠭᠤᠴᠠᠯᠭ᠎ᠠ | ᠵᠢᠴᠢ ᠦᠨᠡᠯᠡᠨ ᠵᠢᠱᠢᠵᠦ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠬᠠᠷᠢᠭᠤᠴᠠᠯᠭ᠎ᠠ ᠶᠢ ᠦᠨᠡᠨᠬᠦ ᠴᠢᠩᠭ᠎ᠠ ᠳᠠᠷᠤᠨ᠎ᠠ᠃ | ᠬᠡᠷ ᠪᠠᠶᠢᠰᠢᠩ ᠤᠨ ᠠᠮᠤᠷ ᠲᠦᠪᠰᠢᠨ ᠢ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ | ᠂ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠬᠠᠤᠯᠢ ᠶᠣᠰᠣᠨ ᠳᠤ ᠨᠡᠶᠢᠴᠡᠬᠦ᠂ ᠬᠢᠨᠠᠨ ᠲᠣᠭᠲᠠᠭᠠᠬᠤ ᠶᠠᠪᠤᠴᠠ ᠨᠢ | ᠵᠢᠷᠤᠮᠵᠢᠯ ᠲᠠᠢ᠂ ᠬᠢᠨᠠᠨ ᠲᠣᠭᠲᠠᠭᠠᠭᠰᠠᠨ ᠦᠷ᠎ᠡ ᠳ᠋ᠦᠩ ᠨᠢ ᠦᠨᠡᠨ ᠪᠣᠳᠠᠲᠠᠶ ᠪᠠᠶᠢᠬᠤ ᠶᠢ ᠦᠨᠡᠨᠬᠦ ᠪᠠᠲᠤᠯᠠᠬᠤ | ᠬᠡᠷᠡᠭᠲᠡᠶ᠃ | ︵ᠭᠤᠷᠪᠠ︶ ᠰᠢᠮᠳᠠᠭᠤᠯᠤᠨ ᠵᠢᠯᠣᠭᠤᠳᠴᠤ ᠳᠣᠭᠢᠷᠠᠭᠤᠯᠬᠤ ᠶᠢ ᠴᠢᠩᠭᠠᠷᠠᠭᠤᠯᠤᠨ᠎ᠠ᠃ ᠡᠯ᠎ᠡ ᠰᠤᠮᠤ ᠰᠢᠶᠠᠩ | ᠪᠠᠯᠭᠠᠰᠤ ︵ᠬᠦᠷᠢᠶᠡᠯᠡᠩ ᠲᠣᠭᠤᠷᠢᠭ︶ ᠨᠢ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠣᠯᠤᠨ ᠨᠢᠭᠡ | ᠬᠤᠯᠪᠣᠭᠠᠴᠢᠨ ᠢ ᠲᠣᠳᠣᠷᠬᠠᠶᠢᠯᠠᠬᠤ ᠶᠢᠨ ᠬᠠᠮᠲᠤ ᠰᠠᠷ᠎ᠠ ᠪᠦᠷᠢ ᠶᠢᠨ 15 ᠤ ᠡᠳᠦᠷ ᠪᠣᠯᠤᠨ 25 ᠤ ᠡᠳᠦᠷ ︽ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠥᠪᠡᠷ ᠢᠶᠠᠨ ᠪᠠᠷᠢᠭᠰᠠᠨ ᠬᠡᠷ ᠪᠠᠶᠢᠰᠢᠩ ᠤᠨ ᠵᠢᠭᠰᠠᠭᠠᠨ | ᠪᠠᠶᠢᠴᠠᠭᠠᠯᠲᠠ ᠶᠢᠨ ᠪᠦᠷᠢᠳᠬᠡᠯ ᠤᠨ ᠬᠦᠰᠦᠨᠦᠭᠲᠦ︾ ︵ᠳᠠᠭᠠᠯᠳᠤᠭᠤᠯᠤᠯ 1 ᠶᠢ ᠦᠵᠡ︶ ︽ᠴᠠᠬᠠᠷ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠥᠪᠡᠷ ᠢᠶᠠᠨ ᠪᠠᠷᠢᠭᠰᠠᠨ ᠬᠡᠷ ᠪᠠᠶᠢᠰᠢᠩ ᠤᠨ ᠳᠠᠯᠳᠠ ᠬᠡᠮ ᠢ ᠴᠡᠭᠴᠡᠯᠡᠨ ᠵᠠᠰᠠᠬᠤ | ᠪᠦᠷᠢᠳᠬᠡᠯ ᠤᠨ ᠬᠦᠰᠦᠨᠦᠭᠲᠦ︾ ︵ᠳᠠᠭᠠᠯᠳᠤᠭᠤᠯᠤᠯ 2 ᠢ ᠦᠵᠡ︶ ᠶᠢ ᠳᠡᠭᠡᠭᠰᠢ ᠮᠡᠳᠡᠭᠦᠯᠵᠦ᠂ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠲᠡᠷᠡ ᠬᠡᠪ ᠢᠶᠠᠷ ᠨᠢ ᠥᠷᠨᠢᠭᠦᠯᠬᠦ ᠬᠡᠷᠡᠭᠲᠡᠶ᠃ | ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠷᠠᠭᠤᠯᠤᠨ᠎ᠠ᠃ ᠡᠯ᠎ᠡ ᠰᠤᠮᠤ ᠰᠢᠶᠠᠩ | ᠪᠠᠯᠭᠠᠰᠤ ︵ᠬᠦᠷᠢᠶᠡᠯᠡᠩ ᠲᠣᠭᠤᠷᠢᠭ︶ ᠪᠣᠯᠤᠨ ᠬᠤᠰᠢᠭᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠥᠪᠡᠰᠦᠪᠡᠨ ᠪᠠᠷᠢᠨᠨᠰᠠᠨ ᠬᠡᠷ ᠪᠠᠶᠢᠰᠢᠩ ᠤᠨ | ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠶ ᠴᠡᠭᠴᠡᠯᠡᠨ ᠵᠠᠰᠠᠬᠤ ᠠᠵᠢᠯ ᠢ | ᠥᠷᠨᠢᠭᠦᠯᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠤᠬᠠᠭᠤᠯᠵᠤ᠂ ᠤᠬᠠᠭᠤᠯᠭ᠎ᠠ ᠬᠥᠮᠦᠵᠢᠯ ᠪᠠ | ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠬᠢᠨᠠᠮᠠᠭᠠᠶ ᠰᠠᠶᠢᠲᠤᠷ ᠬᠢᠵᠦ᠂ ᠥᠪᠡᠰᠦᠪᠡᠨ ᠪᠠᠷᠢᠨᠨᠰᠠᠨ ᠬᠡᠷ | ᠪᠠᠶᠢᠰᠢᠩ ᠤᠨ ᠥᠮᠴᠢᠯᠡᠯ ᠤᠨ ᠡᠷᠬᠡᠲᠦ ᠬᠥᠮᠦᠨ᠂ ᠬᠡᠷᠡᠭᠯᠡᠭᠴᠢ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠭᠤᠤᠯ | ᠴᠣᠭᠴᠠ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢᠨ | ᠰᠠᠨᠠᠭᠠᠴᠢᠯᠠᠭᠠᠲᠤ ᠴᠢᠨᠠᠷ ᠪᠠ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠬᠤ ᠬᠡᠷᠡᠭᠲᠡᠶ᠃ ᠢᠯᠡᠴᠢᠯᠡᠨ ᠮᠡᠳᠡᠭᠦᠯᠬᠦ ᠲᠣᠭᠲᠠᠴᠠ ᠶᠢ ᠪᠠᠶᠢᠭᠤᠯᠵᠤ᠂ ᠢᠯᠡᠴᠢᠯᠡᠨ ᠮᠡᠳᠡᠭᠦᠯᠬᠦ ᠠᠷᠭ᠎ᠠ | ᠵᠠᠮ ᠢ ᠰᠠᠭᠠᠳ ᠦᠭᠡᠢ ᠨᠡᠪᠲᠡᠷᠡᠭᠦᠯᠵᠦ᠂ ᠪᠦᠬᠦ ᠠᠷᠠᠳ ᠢᠶᠠᠷ ᠢᠶᠠᠨ ᠣᠷᠣᠯᠴᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠬᠤ ᠬᠡᠷᠡᠭᠲᠡᠶ᠃ ᠡᠯ᠎ᠡ ᠲᠥᠷᠥᠯ ᠤᠨ ᠵᠠᠬᠢᠳᠠᠯ ᠰᠤᠷᠪᠤᠯᠵᠢᠯᠠᠭ᠎ᠠ ᠶᠢᠨ ᠶᠠᠷᠢᠶ᠎ᠠ ᠬᠡᠯᠡᠯᠴᠡᠭᠡᠨ ᠤ | ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠥᠷᠢᠴᠡᠯ ᠢ ᠬᠠᠮᠤᠭ ᠤᠨ ᠲᠡᠷᠢᠭᠦᠨ ᠳᠤ ᠨᠠᠮᠳᠠᠭᠤᠯᠤᠨ | ᠂ ᠠᠰᠠᠭᠤᠳᠠᠯ ᠢ ᠰᠢᠢᠳᠪᠦᠷᠢᠯᠡᠵᠦ᠂ ᠨᠡᠶᠢᠭᠡᠮ ᠤᠨ ᠡᠶ᠎ᠡ ᠵᠣᠬᠢᠴᠠᠯ ᠲᠣᠨᠨᠳᠠᠭᠤᠨ ᠢ ᠪᠠᠳᠣᠯᠠᠨ᠎ᠠ᠃ | ︵ᠲᠠᠪᠤ︶ ᠬᠠᠷᠢᠭᠤᠴᠠᠯᠭ᠎ᠠ ᠪᠠ ᠦᠷ᠎ᠡ ᠪᠦᠲᠦᠮᠵᠢ ᠶᠢ ᠨᠡᠬᠡᠮᠵᠢᠯᠡᠬᠦ ᠶᠢ ᠴᠢᠩᠭᠠᠷᠠᠭᠤᠯᠤᠨ᠎ᠠ᠃ ᠤᠳᠤᠷᠢᠳᠬᠤ | ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠲᠤᠰᠬᠠᠶ ᠰᠢᠮᠳᠠᠭᠤᠯᠤᠨ ᠪᠠᠶᠢᠴᠠᠭᠠᠬᠤ ᠳᠤᠭᠤᠶᠢᠯᠠᠩ | ᠪᠠᠶᠢᠭᠤᠯᠵᠤ ᠡᠯ᠎ᠡ ᠭᠠᠵᠠᠷ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠠᠶᠢᠳᠠᠯ ᠳᠤ ᠰᠢᠮᠳᠠᠭᠤᠯᠤᠨ | ᠵᠢᠯᠣᠭᠤᠳᠣᠯᠭ᠎ᠠ ᠥᠷᠨᠢᠭᠦᠯᠵᠦ᠂ ᠲᠤᠰᠬᠠᠶ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠤᠨ ᠨᠢᠭᠡᠨᠲᠡ ᠴᠡᠭᠴᠡᠯᠡᠨ | ᠵᠠᠰᠠᠵᠤ ᠳᠠᠭᠤᠰᠬᠠᠭᠰᠠᠨ ᠬᠡᠷ ᠪᠠᠶᠢᠰᠢᠩ ᠳᠤ ᠡᠷᠦᠬᠡ ᠳᠠᠷᠠᠭᠠᠯᠠᠨ ᠲᠤᠰᠬᠠᠶ ᠮᠡᠷᠭᠡᠵᠢᠯ ᠤᠨ ᠰᠢᠯᠭᠠᠨ ᠠᠪᠤᠯᠲᠠ ᠬᠢᠬᠦ | ᠬᠡᠷᠡᠭᠲᠡᠶ︔ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ | ᠪᠠ ᠠᠬᠢᠴᠠ ᠶᠢ ᠬᠢᠨᠠᠨ ᠵᠢᠯᠣᠭᠤᠳᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠡᠯ᠎ᠡ ᠭᠠᠵᠠᠷ ᠤᠨ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠳᠤ ᠮᠡᠷᠭᠡᠵᠢᠯ ᠤᠨ ᠵᠢᠯᠣᠭᠤᠳᠣᠯᠭ᠎ᠠ ᠶᠢᠨ ᠦᠶ᠋ᠯᠡᠴᠢᠯᠡᠭᠡ᠂ ᠠᠬᠢᠴᠠ ᠶᠢ | ᠬᠢᠨᠠᠨ ᠵᠢᠯᠣᠭᠤᠳᠬᠤ ᠪᠠ ᠰᠢᠯᠭᠠᠨ ᠠᠪᠴᠤ ᠰᠤᠭᠤᠴᠢᠨ ᠪᠠᠶᠢᠴᠠᠭᠠᠬᠤ ᠶᠢ ᠶᠠᠪᠤᠭᠳᠠᠭᠤᠯᠤᠨ᠎ᠠ᠃ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠨᠢ ᠪᠣᠳᠠᠲᠠᠶ ᠪᠢᠰᠢ ᠨᠠᠷᠢᠯᠢᠭ ᠪᠢᠰᠢ᠂ ᠠᠬᠢᠴᠠ ᠨᠢ ᠤᠳᠠᠭᠠᠨ᠂ ᠰᠢᠯᠲᠠᠭᠯᠠᠨ | ᠲᠦᠯᠬᠢᠯᠴᠡᠭᠰᠡᠨ ᠪᠠᠶᠢᠪᠠᠯ᠂ ᠮᠡᠳᠡᠭᠡᠯᠡᠬᠦ᠂ ᠪᠣᠯᠵᠣᠨ ᠶᠠᠷᠢᠯᠴᠠᠬᠤ᠂ ᠰᠡᠷᠡᠮᠵᠢᠯᠡᠭᠦᠯᠬᠦ᠂ ᠰᠠᠨᠠᠭᠤᠯᠬᠤ ᠵᠡᠷᠭᠡ ᠠᠷᠭ᠎ᠠ | ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠡᠯ᠎ᠡ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ | ᠰᠢᠮᠳᠠᠭᠤᠯᠵᠤ᠂ ᠠᠰᠠᠭᠤᠳᠠᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ ᠠᠶᠤᠯᠭᠦᠶ ᠦᠢᠯᠡᠳᠪᠦᠷᠢᠯᠡᠯ ᠤᠨ ᠲᠠᠯ᠎ᠠ ᠪᠠᠷ ᠬᠠᠷᠢᠭᠤᠴᠠᠯᠭ᠎ᠠ ᠦᠭᠡᠢ᠂ ᠲᠤᠰᠢᠶᠠᠯ | ᠬᠠᠷᠢᠭᠤᠴᠠᠯᠭ᠎ᠠ ᠪᠠᠨ ᠣᠮᠲᠣᠭᠠᠶᠢᠯᠠᠭᠠᠳ ᠠᠰᠠᠭᠤᠳᠠᠯ ᠭᠠᠷᠤᠭᠰᠠᠳ ᠢ ᠴᠢᠩᠭ᠎ᠠ ᠪᠠᠶᠢᠴᠠᠭᠠᠨ ᠴᠢᠩᠭ᠎ᠠ ᠰᠢᠳᠬᠡᠵᠦ᠂ | ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠫᠠᠶᠢᠰᠠ ᠡᠯᠭᠦᠬᠦ | ᠮᠠᠶ᠋ᠢᠭ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭ᠎ᠠ ᠰᠡᠷᠭᠡᠶᠢᠯᠡᠵᠦ᠂ ᠠᠰᠠᠭᠤᠳᠠᠯ ᠢ ᠦᠨᠡᠨ | ᠪᠣᠳᠠᠲᠠᠢ ᠪᠠᠶᠢᠴᠠᠭᠠᠬᠤ᠂ ᠲᠠᠯᠳᠠ ᠭᠡᠮ ᠢ ᠠᠷᠢᠯᠭᠠᠬᠤ᠂ ᠡ᠊ᠨᠳᠡᠯ ᠭᠠᠷᠬᠤ ᠶᠢ ᠰᠡᠷᠭᠡᠶᠢᠯᠡᠬᠦ ᠶᠢ ᠦᠨᠡᠨ ᠬᠦ ᠪᠠᠲᠤᠯᠠᠬᠤ | ᠬᠡᠷᠡᠭᠲᠡᠢ᠃ | ᠬᠠᠷᠢᠯᠴᠠᠬᠤ ᠬᠥᠮᠦᠨ᠄ ᠸᠠᠩ ᠵᠧᠨ ᠭᠦᠸᠧ | ᠲᠤᠰᠢᠶᠠᠯ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠥᠪᠡᠰᠦᠪᠡᠨ ᠪᠠᠷᠢᠭᠰᠠᠨ ᠬᠡᠷ ᠪᠠᠶᠢᠰᠢᠩ ᠤᠨ | ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ | ᠪᠦᠷᠢᠯᠳᠦᠬᠦᠨ | ᠬᠠᠷᠢᠯᠴᠠᠬᠤ ᠤᠲᠠᠰᠤ᠄ 18586011922 | ᠴᠠᠬᠠᠷ ᠪᠠᠷᠠᠭᠤᠨ ᠭᠠᠷᠣᠨ ᠲᠣᠮᠳᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2022 ᠣᠨ ᠤ 5 ᠰᠠᠷ᠎ᠠ ᠶᠢᠨ 23 ᠤ ᠡᠳᠣᠷ | | | ᠵᠣᠬᠢᠶ᠋ᠬᠠᠴᠢ᠄ ᠴᠠᠬᠠᠷ ᠪᠠᠷᠠᠭᠤᠨ ᠭᠠᠷᠣᠨ ᠲᠣᠮᠳᠡᠳᠣ ᠬᠤᠰᠢᠭᠤᠨ ᠤ ᠠᠷᠠᠳ ᠤᠨ ᠵᠠᠰᠠᠭ ᠤᠨ | ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ | | | | | | | | | | | | | | | |