| 9 ᠰᠠᠷ᠎ᠠ ᠶᠢᠨ 14 ᠤ ᠡᠳᠦᠷ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ᠂ | ᠬᠤᠲᠠ ᠶᠢᠨ ᠦᠢᠯᠥᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ | ᠼᠦᠢ ᠵᠢᠶᠠᠨ ᠬᠠᠶ᠂ ᠬᠤᠲᠠ ᠶᠢᠨ ᠠᠵᠤ ᠦᠢᠯᠡᠳᠪᠦᠷᠢ ᠶᠢᠨ ᠨᠡᠶᠢᠲᠡ ᠶᠢᠨ ᠥᠮᠴᠢᠯᠡᠯ ᠤᠨ ᠪᠤᠰᠤ ᠦᠢᠯᠡᠴᠢᠯᠡᠬᠡᠨ ᠤ | ᠲᠥᠪ ᠤᠨ ᠡᠷᠬᠢᠯᠡᠭᠴᠢ ᠮᠢᠶᠣᠣ ᠹᠧᠩ ᠰᠢᠶᠠᠩ ᠨᠠᠷ ᠮᠠᠨ ᠤ ᠬᠤᠰᠢᠭᠤᠨ ᠳᠤ ᠭᠦᠨᠵᠡᠭᠡᠶᠢᠷᠡᠨ ︽ᠲᠥᠪ ᠤᠨ ᠨᠢᠭᠡᠳᠦᠮᠡᠯ | ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠳᠤ ︿ᠬᠤᠶᠠᠷ ᠡᠷᠡᠭᠦᠯ ᠮᠡᠨᠳᠦ﹀ ᠳᠤ | ᠠᠩᠬᠠᠷᠤᠯ ᠢᠶᠠᠨ ᠲᠥᠪᠯᠡᠷᠡᠭᠦᠯᠬᠦ︾ ᠶᠡᠭᠡ ᠰᠤᠷᠤᠯᠴᠠᠯᠭ᠎ᠠ ᠶᠡᠭᠡ ᠰᠤᠷᠪᠤᠯᠵᠢᠯᠠᠭ᠎ᠠ ᠶᠢᠨ ᠠᠵᠢᠯᠯᠠᠭ᠎ᠠ ᠥᠷᠨᠢᠭᠦᠯᠪᠡ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠠᠲᠤᠵᠢᠷᠭᠠᠯ | ᠰᠤᠷᠪᠤᠯᠵᠢᠯᠠᠬᠤ ᠠᠵᠢᠯᠯᠠᠭ᠎ᠠ ᠳᠤ ᠣᠷᠣᠯᠴᠠᠪᠠ᠃ | | | | | ᠼᠦᠢ ᠵᠢᠶᠠᠨ ᠬᠠᠢ᠂ ᠮᠢᠶᠣᠣ ᠹᠧᠩ ᠰᠢᠶᠠᠩ ᠨᠠᠷ ᠤᠷᠢᠳ ᠬᠤᠵᠢᠳ ᠥᠪᠥᠷ ᠮᠣᠩᠭᠤᠯ ᠤᠨ ᠺᠧ ᠨᠦᠩ ᠤᠶᠤᠨᠲᠤ | ᠲᠠᠷᠢᠶᠠᠯᠠᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠬᠦᠢᠳᠡᠨᠰᠢᠯᠢ ᠵᠤᠭᠠᠴᠠᠯ ᠤᠨ ᠰᠣᠶᠣᠯ ᠤᠨ | ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠤᠯ ᠤᠨ ᠶᠢᠨ ᠱᠠᠨ ᠰᠢᠯᠢᠳᠡᠭ ᠪᠣᠭᠤᠳᠡᠢ ᠶᠢᠨ | ᠢᠳᠡᠭᠡᠨ ᠤ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ | ᠪᠠᠶᠢᠳᠠᠯ ᠢ ᠪᠣᠳᠠᠲᠠᠢ ᠭᠠᠵᠠᠷ ᠲᠤᠨᠢ ᠤᠢᠢᠯᠠᠭᠠᠭᠰᠠᠨ ᠪᠥᠭᠡᠳ ᠰᠠᠭᠤᠳᠡᠯ ᠤᠨ ᠬᠤᠷᠠᠯ ᠬᠤᠷᠡᠯᠳᠣᠪᠠ᠃ | | | | | ᠬᠤᠷᠡᠯ ᠠᠴᠠ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠪᠠᠨ | ᠭᠤᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠬᠤᠳᠠ ᠶᠢᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠨᠢᠭᠡᠳᠦᠮᠡᠯ ᠹᠷᠣᠨᠲ ᠤᠨ ᠤᠨᠤᠯ ᠤᠨ ᠵᠢᠭᠠᠨ ᠰᠤᠳᠤᠯᠬᠤ | ᠲᠠᠰᠤᠭ ᠤᠨ ᠪᠠᠭᠰᠢ ᠯᠢᠦ ᠰᠢᠶᠤᠤ ᠢᠦᠢ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭᠠᠨ ᠤ | ᠬᠠᠮᠢᠶ᠎ᠠ ᠪᠦᠬᠦᠢ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠬᠤᠷᠠᠯ ᠠᠴᠠ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠤᠨ ᠬᠦᠷᠢᠶᠡᠨ ᠤ ᠭᠤᠣᠯᠳᠠᠯᠭ᠎ᠠ ᠲᠠᠢ ᠬᠦᠴᠢᠷ ᠠᠰᠠᠭᠤᠳᠠᠯ᠂ ᠠᠵᠤ | ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠬᠤᠳᠠᠯᠳᠤᠭ᠎ᠠ | ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠮᠢᠶ᠎ᠠ ᠪᠦᠬᠦᠢ ᠪᠠᠶᠢᠳᠠᠯ ᠤᠨ ᠲᠤᠬᠠᠢ ᠶᠠᠷᠢᠯᠴᠠᠪᠠ᠃ | | | | | ᠬᠤᠷᠡᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪ ᠤᠨ ᠨᠢᠭᠡᠳᠦᠮᠡᠯ ᠹᠷᠣᠨᠲ ᠤᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠪᠦᠬᠦ ᠬᠤᠳᠠ ᠶᠢᠨ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠣᠳᠠᠲᠠᠢ ᠳᠤ ᠨᠠᠶᠢᠳᠠᠪᠤᠷᠢᠵᠢᠭᠤᠯᠵᠤ᠂ ᠠᠮᠵᠢᠯᠲᠠ ᠪᠦᠲᠦᠮᠵᠢ ᠭᠠᠷᠭᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ︔ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠵᠢᠴᠢ ᠬᠤᠳᠠᠯᠳᠤᠭᠠᠨ ᠤ ᠨᠡᠶᠢᠭᠡᠮᠯᠢᠭ ᠤᠨ ᠦᠢᠯᠡᠳᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶ ᠶᠢᠨ ᠬᠥᠮᠦᠰ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠰᠢᠨ᠎ᠡ ᠴᠠᠭ | ᠦᠶ᠎ᠡ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠨᠢᠭᠡᠳᠦᠮᠡᠯ ᠹᠷᠣᠨᠲ ᠤᠨ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠵᠦ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠢᠳᠡᠪᠬᠢᠲᠡᠶ ᠦᠢᠯᠡᠳᠣᠯ ᠪᠠᠳᠠᠷᠠᠭᠤᠯᠬᠤ ᠬᠡᠷᠡᠭᠲᠡᠶ᠃ | | | ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | ᠣᠷᠴᠢᠭᠤᠯᠣᠨᠨᠴᠢ᠄ ᠭᠧ ᠲᠣᠸᠠᠨ ᠯᠢᠶᠡᠨ | | | |