ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠢᠭᠡ ᠯᠡ ᠣᠳᠠᠭ᠎ᠠ ᠮᠡᠳᠡᠭᠳᠡᠬᠦ ᠮᠡᠳᠡᠭᠳᠡᠯ
ᠨᠡᠶᠢᠲᠡᠯᠡᠭᠰᠡᠨ ᠴᠠᠭ᠄
2022/9/19
            1. ᠨᠢᠭᠡ ᠤᠳᠠᠭ᠎ᠠ ᠶᠢᠨ ᠴᠢᠨᠠᠷᠲᠠᠶ ᠱᠠᠩᠨᠠᠵᠤ ᠨᠥᠬᠦᠪᠥᠷᠢᠯᠡᠬᠦ     ᠲᠥᠷᠥ ᠶᠢᠨ ᠪᠣᠳᠣᠯᠭ᠎ᠠ ᠶᠢᠨ ᠠᠭᠤᠯᠭ᠎ᠠ᠄ ᠨᠢᠭᠡ ᠳᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠣᠯᠭᠤᠯᠲᠠ ᠶᠢᠨ ᠬᠡᠪᠴᠢᠶ᠎ᠡ ᠪᠠᠷ ᠶᠡᠭᠡ ᠠᠵᠤ ᠠᠬᠤᠶᠢᠯᠠᠯ ᠳᠤ᠂ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠪᠠᠷ ᠳᠠᠮᠵᠢᠭᠤᠯᠤᠨ ᠨᠢᠭᠡ ᠤᠳᠠᠭ᠎ᠠ ᠶᠢᠨ ᠴᠢᠨᠡᠷᠳᠡᠢ ᠱᠠᠩᠨᠠᠵᠦ ᠨᠦᠬᠦᠪᠦᠷᠢᠯᠡᠨ᠎ᠡ᠃ ᠬᠤᠶᠡᠷ ᠲᠤ ᠨᠥᠬᠦᠴᠡᠯ ᠲᠠᠢ ᠭᠠᠵᠠᠷ ᠣᠷᠣᠨ ᠨᠢ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠣᠯᠭᠤᠯᠲᠠ ᠶᠢᠨ ᠲᠤᠭ᠎ᠠ ᠬᠡᠮᠵᠢᠶ᠎ᠡ ᠪᠠᠷ ᠣᠯᠠᠨ᠂ ᠦᠷ᠎ᠡ ᠪᠦᠲᠦᠮᠵᠢ ᠪᠠᠷ ᠰᠠᠶᠢᠨ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠰᠠᠭᠤᠷᠢᠨ ᠭᠠᠵᠠᠷ ᠲᠤ ᠲᠣᠭᠲᠠᠭᠠᠯ ᠶᠣᠰᠣᠭᠠᠷ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠨᠥᠬᠦᠪᠥᠷᠢ ᠣᠯᠭᠤᠵᠤ ᠪᠣᠯᠤᠨ᠎ᠠ᠃      ᠲᠥᠷᠥ ᠶᠢᠨ ᠪᠣᠳᠣᠯᠭ᠎ᠠ ᠶᠢᠨ ᠳ᠋ᠦᠢᠰᠢᠶᠠᠩ᠄ ᠠᠵᠤ ᠠᠬᠤᠶᠢᠯᠠᠯ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠰᠠᠭᠤᠷᠢᠨ ᠭᠠᠵᠠᠷ᠃      ᠨᠥᠬᠦᠪᠥᠷᠢ ᠶᠢᠨ ᠪᠠᠷᠢᠮᠵᠢᠶ᠎ᠠ᠄ ᠲᠣᠭᠲᠠᠭᠠᠯ ᠶᠣᠰᠣᠭᠠᠷ ᠬᠥᠮᠦᠨ ᠪᠦᠷᠢ ᠳᠤ ᠨᠢᠭᠡ ᠤᠳᠠᠭ᠎ᠠ ᠶᠢᠨ ᠴᠢᠨᠠᠷᠲᠠᠶ 4000 ᠲᠥᠭᠦᠷᠢᠭ ᠤᠨ ᠨᠥᠬᠦᠪᠥᠷᠢ ᠣᠯᠭᠤᠨ᠎ᠠ᠃      ᠡᠳ᠋ᠯᠡᠵᠦ ᠪᠣᠯᠬᠤ ᠬᠤᠭᠤᠴᠠᠭ᠎ᠠ᠄ ᠨᠢᠭᠡ ᠯᠡ ᠤᠳᠠᠭ᠎ᠠ ᠶᠢᠨ ᠴᠢᠨᠠᠷᠲᠠᠶ᠃      2. ᠨᠡᠶᠢᠭᠡᠮ ᠤᠨ ᠳᠠᠭᠠᠳᠬᠠᠯ ᠤᠨ ᠨᠥᠬᠦᠪᠥᠷᠢ     ᠲᠥᠷᠥ ᠶᠢᠨ ᠪᠣᠳᠣᠯᠭ᠎ᠠ ᠶᠢᠨ ᠠᠭᠤᠯᠭ᠎ᠠ᠄ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠡᠯᠰᠡᠨ ᠬᠡᠷᠡᠭᠯᠡᠬᠦ ᠶᠢᠨ ᠬᠠᠮᠲᠤ ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠭᠰᠠᠨ ᠬᠥᠮᠦᠨ ᠬᠡᠷᠡᠭᠯᠡᠬᠦ ᠨᠢᠭᠡᠴᠡ ᠳᠤ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠨ᠎ᠠ᠃      ᠲᠥᠷᠥ ᠶᠢᠨ ᠪᠣᠳᠣᠯᠭ᠎ᠠ ᠶᠢᠨ ᠳ᠋ᠦᠢᠰᠢᠶᠠᠩ᠄ ᠬᠥᠮᠦᠨ ᠬᠡᠷᠡᠭᠯᠡᠬᠦ ᠨᠢᠭᠡᠴᠢ      ᠨᠥᠬᠦᠪᠥᠷᠢ ᠶᠢᠨ ᠪᠠᠷᠢᠮᠵᠢᠶ᠎ᠠ᠄ ᠬᠥᠮᠦᠨ ᠬᠡᠷᠡᠭᠯᠡᠬᠦ ᠨᠢᠭᠡᠴᠡ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠡᠯᠰᠡᠨ ᠬᠡᠷᠡᠭᠯᠡᠬᠦ ᠳᠤ᠂ ᠠᠵᠢᠯ ᠤᠯᠬᠤ ᠳᠤ ᠬᠦᠴᠢᠷᠲᠡᠶ ᠬᠥᠮᠦᠰ ᠢ ᠡᠯᠰᠡᠨ ᠬᠡᠷᠡᠭᠯᠡᠬᠦ ᠳᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠤ᠂ ᠲᠡᠭᠦᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠣᠳᠠᠲᠠᠶ ᠲᠤᠰᠢᠶᠠᠭᠰᠠᠨ ᠦᠨᠳᠦᠰᠦᠨ ᠨᠠᠰᠤᠵᠢᠯ ᠤᠨ ᠳᠠᠭᠠᠳᠬᠠᠯ ᠤᠨ ᠵᠠᠷᠤᠳᠠᠯ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠪᠠ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ ᠶᠣᠰᠣᠭᠠᠷ ᠨᠥᠬᠦᠪᠥᠷᠢ ᠣᠯᠭᠤᠨ᠎ᠠ᠃       ᠡᠳ᠋ᠯᠡᠵᠦ ᠪᠣᠯᠬᠤ ᠬᠤᠭᠤᠴᠠᠭ᠎ᠠ᠄ ᠬᠠᠮᠤᠭ ᠣᠷᠳᠣ ᠳᠠᠭᠠᠨ 3 ᠵᠢᠯ ᠠᠴᠠ ᠬᠡᠲᠦᠷᠡᠵᠦ ᠪᠣᠯᠬᠤ ᠥᠬᠡᠶ᠃       3.ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ    ᠲᠦᠷᠦ ᠶᠢᠨ ᠪᠤᠳᠤᠯᠭ᠎ᠠ ᠶᠢᠨ ᠠᠭᠤᠯᠭ᠎ᠠ᠄ ᠨᠢᠭᠡ ᠳᠤ᠂ ᠵᠢᠵᠢᠭ ᠪᠢᠴᠢᠯ ᠠᠵᠤ ᠠᠬᠤᠶᠢᠯᠠᠯ ᠤᠨ ᠲᠤᠬᠠᠶ ᠶᠢᠨ ᠵᠢᠯ ᠳᠤ ᠰᠢᠨ᠎ᠡ ᠪᠠᠷ ᠡᠯᠰᠡᠨ ᠬᠡᠷᠡᠭᠯᠡᠭᠰᠡᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠬᠦ ︵ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ᠂ ᠴᠡᠷᠢᠭ ᠠᠴᠠ ᠬᠠᠯᠠᠭᠳᠠᠭᠰᠠᠳ᠂ ᠡᠷᠡᠭᠦᠤ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ᠂ ᠳᠡᠭᠡᠳᠦ ᠰᠤᠷᠭᠠᠭᠤᠯᠢ ᠲᠡᠭᠦᠰᠦᠭᠰᠡᠳ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ 10 ᠲᠥᠷᠥᠯ ᠤᠨ ᠬᠥᠮᠦᠰ︶ ᠤᠨ ᠬᠥᠮᠦᠨ ᠤ ᠲᠤᠭ᠎ᠠ ᠶᠢ ᠠᠵᠤ ᠠᠬᠤᠶᠢᠯᠠᠯ ᠤᠨ ᠣᠲᠣ ᠶᠢᠨ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠲᠤᠭ᠎ᠠ ᠶᠢᠨ 15% ᠳᠤ ᠬᠦᠷᠦᠭᠦᠯᠦᠨ᠎ᠡ ︵100 ᠬᠥᠮᠦᠨ ᠠᠴᠠ ᠳᠠᠪᠠᠭᠰᠠᠨ ᠠᠵᠤ ᠠᠬᠤᠶᠢᠯᠠᠯ 8% ᠳᠤ ᠬᠦᠷᠦᠭᠦᠯᠦᠨ᠎ᠡ︶᠃ ᠡᠭᠦᠨ ᠤ ᠬᠠᠮᠲᠤ ᠲᠡᠭᠦᠨ ᠲᠠᠢ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠠᠭᠰᠠᠨ ᠤ ᠬᠠᠮᠲᠤ ᠠᠵᠤ ᠠᠬᠤᠶᠢᠯᠠᠯ ᠠᠴᠠ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠤᠰᠢᠶᠠᠭᠰᠠᠨ ᠪᠠᠶᠢᠳᠠᠯ᠃ ᠬᠤᠶᠠᠷ ᠲᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠪᠤᠶᠤ ᠬᠤᠷᠰᠢᠨ ᠠᠳᠠᠯ ᠦᠢᠯᠡᠰ ᠴᠣᠭᠴᠠᠯᠠᠬᠤ ᠳᠤ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ᠂ ᠶᠠᠳᠠᠭᠤ ᠶᠢ ᠲᠡᠳᠬᠦᠬᠦ ᠵᠢᠭᠡᠯᠡᠯᠭᠡ᠂ ᠣᠷᠣᠨ ᠰᠠᠭᠤᠴᠠ ᠶᠢᠨ ᠵᠢᠭᠡᠯᠡᠯᠭᠡ᠂ ᠮᠠᠰᠢᠨ ᠲᠡᠷᠭᠡ ᠬᠤᠳᠠᠯᠳᠤᠨ ᠠᠪᠬᠤ ᠵᠢᠭᠡᠯᠡᠯᠭᠡ᠂ 5 ᠲᠦᠮᠡᠨ ᠲᠥᠭᠦᠷᠢᠭ ᠠᠴᠠ ᠳᠣᠷᠣᠭᠰᠢᠬᠢ ᠪᠠᠭ᠎ᠠ ᠲᠣᠭᠠᠨ ᠤ ᠬᠡᠷᠡᠭᠯᠡᠭᠡᠨ ᠤ ᠵᠢᠭᠡᠯᠡᠯᠭᠡ ︵ᠢᠲᠡᠭᠡᠮᠵᠢ ᠶᠢᠨ ᠺᠠᠷᠲ ᠤᠨ ᠬᠡᠷᠡᠭᠯᠡᠭᠡ ᠪᠠᠭᠲᠠᠨ᠎ᠠ︶ ᠠᠴᠠ ᠭᠠᠳᠠᠨ᠎ᠠ᠂ ᠲᠣᠰ ᠬᠥᠮᠦᠨ ᠵᠢᠴᠢ ᠲᠡᠭᠦᠨ ᠤ ᠬᠤᠯᠪᠣᠰᠤ ᠳᠤ ᠪᠤᠰᠤᠳ ᠵᠢᠭᠡᠯᠡᠯᠭᠡ ᠪᠠᠶᠢᠬᠤ ᠥᠬᠡᠶ ᠪᠣᠯ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠵᠤ ᠪᠣᠯᠤᠨ᠎ᠠ᠃      ᠲᠥᠷᠥ ᠶᠢᠨ ᠪᠣᠳᠣᠯᠭ᠎ᠠ ᠶᠢᠨ ᠡᠲᠡᠭᠡᠳ᠄ ᠵᠢᠵᠢᠭ ᠪᠢᠴᠢᠯ ᠠᠵᠤ ᠠᠬᠤᠶᠢᠯᠠᠯ᠂ ᠶᠠᠳᠠᠭᠤ ᠠᠴᠠ ᠠᠩᠭᠢᠵᠢᠷᠠᠭᠤᠯᠬᠤ ᠬᠥᠮᠦᠨ ᠠᠮᠠ᠃      ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ᠄ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ 300 ᠲᠦᠮᠡᠨ ᠲᠥᠭᠦᠷᠢᠭ ᠠᠴᠠ ᠳᠠᠪᠠᠭᠤᠯᠬᠤ ᠥᠬᠡᠶ︔ ᠬᠤᠪᠢ ᠬᠥᠮᠦᠨ ᠤ  ᠵᠢᠭᠡᠯᠡᠯᠭᠡ ᠶᠢᠨ ᠲᠤᠭ᠎ᠠ ᠶᠢ 20 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃      ᠡᠳ᠋ᠯᠡᠵᠦ ᠪᠣᠯᠬᠤ ᠬᠤᠭᠤᠴᠠᠭ᠎ᠠ᠄ ᠠᠵᠤ ᠠᠬᠤᠶᠢᠯᠠᠯ ᠤᠨ ᠵᠢᠭᠡᠯᠡᠯᠭᠡ ᠶᠢᠨ ᠬᠤᠭᠤᠴᠠᠭ᠎ᠠ ᠨᠢ 2 ᠵᠢᠯ ᠠᠴᠠ ᠬᠡᠲᠦᠷᠡᠬᠦ ᠥᠬᠡᠶ︔ ᠬᠤᠪᠢ ᠬᠥᠮᠦᠨ ᠤ ᠵᠢᠭᠡᠯᠡᠯᠭᠡ ᠶᠢᠨ ᠬᠤᠭᠤᠴᠠᠭ᠎ᠠ ᠶᠢ 3 ᠵᠢᠯ ᠠᠴᠠ ᠬᠡᠲᠦᠷᠡᠭᠦᠯᠬᠦ ᠦᠭᠡᠢ᠃      4. ᠠᠵᠢᠯ ᠣᠯᠭᠤᠯᠲᠠ ᠶᠢᠨ ᠠᠴᠢᠶᠠᠯᠠᠪᠤᠷᠢ ᠶᠢ ᠦᠷᠭᠦᠯᠵᠢᠯᠡᠭᠦᠯᠬᠦ ᠲᠥᠷᠥ ᠶᠢᠨ ᠪᠣᠳᠣᠯᠭ᠎ᠠ      ᠲᠥᠷᠥ ᠶᠢᠨ ᠪᠣᠳᠣᠯᠭ᠎ᠠ ᠶᠢᠨ ᠠᠭᠤᠯᠭ᠎ᠠ᠄ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠵᠡᠷᠭᠡ ᠡᠯ᠎ᠡ ᠲᠥᠷᠥᠯ ᠤᠨ ᠠᠵᠢᠯ ᠣᠯᠭᠤᠯᠲᠠ ᠶᠢᠨ ᠠᠴᠢᠶᠠᠯᠠᠪᠤᠷᠢ ᠶᠢᠨ ᠵᠠᠷᠤᠳᠠᠯ ᠢ ᠬᠠᠰᠤᠵᠤ ᠭᠡᠯᠳᠦᠷᠢᠭᠦᠯᠬᠦ᠂ ᠨᠢᠭᠡ ᠤᠳᠠᠭ᠎ᠠ ᠶᠢᠨ ᠴᠢᠨᠠᠷᠲᠠᠶ ᠱᠠᠩᠨᠠᠵᠤ ᠨᠥᠬᠦᠪᠥᠷᠢᠯᠡᠬᠦ ᠵᠢᠴᠢ ᠣᠷᠣᠨ ᠨᠤᠲᠤᠭ ᠤᠨ ᠬᠡᠷᠡᠭᠵᠢᠭᠦᠯᠵᠦ ᠪᠠᠶᠢᠭ᠎ᠠ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠭᠦᠯᠦᠨ᠎ᠡ᠃      ᠡᠳ᠋ᠯᠡᠬᠦ ᠡᠲᠡᠭᠡᠳ᠄ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ᠂ ᠨᠡᠶᠢᠭᠡᠮ ᠲᠣᠭᠤᠷᠢᠭ ᠤᠨ ᠦᠢᠯᠡᠳᠪᠦᠷᠢ᠂ ᠳᠠᠭᠠᠭᠤᠯᠢ ᠣᠳᠣᠨ ᠤ ᠦᠢᠯᠡᠳᠪᠦᠷᠢ ᠵᠡᠷᠭᠡ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠠᠴᠢᠶᠠᠯᠠᠪᠤᠷᠢ᠃      ᠨᠥᠬᠦᠪᠥᠷᠢ ᠶᠢᠨ ᠪᠠᠷᠢᠮᠵᠢᠶ᠎ᠠ᠄ ᠲᠣᠭᠲᠠᠭᠠᠯ ᠶᠣᠰᠣᠭᠠᠷ ᠬᠥᠮᠦᠨ ᠪᠦᠷᠢ ᠳᠤ ᠨᠢᠭᠡ ᠤᠳᠠᠭ᠎ᠠ ᠶᠢᠨ ᠴᠢᠨᠠᠷᠲᠠᠶ 4000 ᠲᠥᠭᠦᠷᠢᠭ ᠤᠨ ᠨᠥᠬᠦᠪᠥᠷᠢ ᠣᠯᠭᠤᠨ᠎ᠠ᠃      ᠡᠳ᠋ᠯᠡᠵᠦ ᠪᠣᠯᠬᠤ ᠬᠤᠭᠤᠴᠠᠭ᠎ᠠ᠄ ᠨᠢᠭᠡ ᠯᠡ ᠤᠳᠠᠭ᠎ᠠ ᠶᠢᠨ ᠴᠢᠨᠠᠷᠲᠠᠶ᠃      5. ᠨᠢᠭᠡ ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠨᠥᠬᠦᠪᠥᠷᠢ      ᠲᠥᠷᠥ ᠶᠢᠨ ᠪᠣᠳᠣᠯᠭ᠎ᠠ ᠶᠢᠨ ᠠᠭᠤᠯᠭ᠎ᠠ᠄ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠢ ᠡᠭᠦᠳᠦᠨ ᠪᠠᠶᠢᠭᠤᠯᠤᠭᠰᠠᠨ ᠪᠠ ᠬᠤᠪᠢ ᠶᠢᠨ ᠡᠵᠡᠩᠨᠡᠯᠲᠡ ᠶᠢ ᠡᠷᠭᠢᠯᠡᠵᠦ ᠪᠠᠶᠢᠭ᠎ᠠ ᠮᠥᠷᠲᠡᠭᠡᠨ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠪᠤᠶᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠤ ᠦᠢᠯᠡᠳᠪᠦᠷᠢ ᠬᠤᠳᠠᠯᠳᠤᠭᠠᠨ ᠤ ᠪᠦᠷᠢᠳᠬᠡᠨ ᠳᠠᠩᠰᠠᠯᠠᠭᠤᠯᠤᠭᠰᠠᠨ ᠡᠳᠦᠷ ᠠᠴᠠ ᠡᠬᠢᠯᠡᠨ 1 ᠵᠢᠯ ᠠᠴᠠ ᠳᠡᠭᠡᠭᠰᠢ ᠬᠡᠪ ᠤᠨ ᠶᠣᠰᠣᠭᠠᠷ ᠡᠵᠡᠩᠨᠡᠭᠰᠡᠨ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠳᠤ ᠨᠢᠭᠡ ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠨᠥᠬᠦᠪᠥᠷᠢ ᠣᠯᠭᠤᠨ᠎ᠠ᠃      ᠲᠥᠷᠥ ᠶᠢᠨ ᠪᠣᠳᠣᠯᠭ᠎ᠠ ᠶᠢᠨ ᠳ᠋ᠦᠢᠰᠢᠶᠠᠩ᠄ ᠶᠠᠳᠠᠭᠤ ᠠᠴᠠ ᠠᠩᠭᠢᠵᠢᠷᠠᠭᠤᠯᠬᠤ ᠬᠥᠳᠡᠯᠮᠦᠷᠢ ᠬᠦᠴᠦᠨ᠃      ᠨᠥᠬᠦᠪᠥᠷᠢ ᠶᠢᠨ ᠪᠠᠷᠢᠮᠵᠢᠶ᠎ᠠ᠄ 5000 ᠲᠥᠭᠦᠷᠢᠭ ᠤᠨ ᠠᠳᠠᠯ ᠦᠢᠯᠡᠰ ᠴᠣᠭᠴᠠᠯᠠᠬᠤ ᠨᠥᠬᠦᠪᠥᠷᠢ᠃      ᠡᠳ᠋ᠯᠡᠵᠦ ᠪᠣᠯᠬᠤ ᠬᠤᠭᠤᠴᠠᠭ᠎ᠠ᠄ ᠨᠢᠭᠡ ᠯᠡ ᠤᠳᠠᠭ᠎ᠠ ᠶᠢᠨ ᠴᠢᠨᠠᠷᠲᠠᠶ᠃      6. ᠨᠢᠭᠡ ᠯᠡ ᠤᠳᠠᠭ᠎ᠠ ᠶᠢᠨ ᠴᠢᠨᠠᠷᠲᠠᠶ ᠵᠠᠮ ᠬᠠᠷᠢᠯᠴᠠᠭᠠᠨ ᠤ ᠨᠦᠬᠦᠪᠦᠷᠢ     ᠲᠥᠷᠥ ᠶᠢᠨ ᠪᠣᠳᠣᠯᠭ᠎ᠠ ᠶᠢᠨ ᠠᠭᠤᠯᠭ᠎ᠠ᠄ ᠥᠪᠡᠷᠲᠡᠭᠡᠨ ᠵᠠᠰᠠᠬᠤ ᠣᠷᠣᠨ ᠠᠯᠤᠰᠯᠠᠨ ᠠᠵᠢᠯ ᠣᠯᠤᠭᠰᠠᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠳᠤ ᠨᠢᠭᠡ ᠤᠳᠠᠭ᠎ᠠ ᠶᠢᠨ ᠴᠢᠨᠠᠷᠲᠠᠶ ᠵᠠᠮ ᠬᠠᠷᠢᠯᠴᠠᠭᠠᠨ ᠤ ᠨᠥᠬᠦᠪᠥᠷᠢ ᠣᠯᠭᠤᠨ᠎ᠠ᠃ᠲᠥᠷᠥ ᠶᠢᠨ ᠪᠣᠳᠣᠯᠭ᠎ᠠ ᠶᠢᠨ ᠳ᠋ᠦᠶ᠋ᠰᠢᠶᠠᠩ᠄ ᠶᠠᠳᠠᠭᠤ ᠠᠴᠠ ᠠᠩᠭᠢᠵᠢᠷᠠᠭᠤᠯᠬᠤ ᠬᠥᠮᠦᠨ ᠠᠮᠠ᠃      ᠨᠥᠬᠦᠪᠥᠷᠢ ᠶᠢᠨ ᠪᠠᠷᠢᠮᠵᠢᠶ᠎ᠠ᠄ ᠬᠥᠮᠦᠨ ᠪᠦᠷᠢ 300 ᠲᠥᠭᠦᠷᠢᠭ᠃      ᠡᠳ᠋ᠯᠡᠵᠦ ᠪᠣᠯᠬᠤ ᠬᠤᠭᠤᠴᠠᠭ᠎ᠠ᠄ ᠨᠢᠭᠡ ᠯᠡ ᠤᠳᠠᠭ᠎ᠠ ᠶᠢᠨ ᠴᠢᠨᠠᠷᠲᠠᠶ᠃     7. ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠦᠢᠯᠡᠴᠢᠯᠡᠬᠡᠨ ᠤ ᠨᠥᠬᠦᠪᠥᠷᠢ     ᠲᠥᠷᠥ ᠶᠢᠨ ᠪᠣᠳᠣᠯᠭ᠎ᠠ ᠶᠢᠨ ᠠᠭᠤᠯᠭ᠎ᠠ᠄ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢᠨ ᠭᠠᠳᠠᠭᠰᠢ ᠭᠠᠷᠴᠤ ᠠᠵᠢᠯ ᠬᠥᠳᠡᠯᠮᠦᠷᠢ ᠬᠢᠬᠦ ᠳᠤ ᠲᠥᠬᠦᠮ ᠦᠵᠡᠭᠦᠯᠬᠦ ᠦᠢᠯᠡᠴᠢᠯᠡᠭᠡᠨ ᠤ ᠠᠵᠤ ᠠᠬᠤᠶᠢᠯᠠᠯ ᠪᠠ ᠬᠤᠪᠢ ᠬᠥᠮᠦᠨ ᠳᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠨᠥᠬᠦᠪᠥᠷᠢ ᠣᠯᠭᠤᠨ᠎ᠠ᠃     ᠲᠥᠷᠥ ᠶᠢᠨ ᠪᠣᠳᠣᠯᠭ᠎ᠠ ᠶᠢᠨ ᠳ᠋ᠦᠢᠰᠢᠶᠠᠩ᠄ ᠠᠵᠤ ᠠᠬᠤᠶᠢᠯᠠᠯ᠂ ᠬᠤᠪᠢ ᠬᠥᠮᠦᠨ᠃     ᠨᠥᠬᠦᠪᠥᠷᠢ ᠥᠭᠬᠦ ᠪᠠᠷᠢᠮᠵᠢᠶ᠎ᠠ᠄ ᠨᠢᠭᠡ ᠬᠥᠮᠦᠨ ᠳᠤ ᠠᠵᠢᠯ ᠣᠯᠭᠤᠪᠠᠯ᠂ 400 ᠲᠥᠭᠦᠷᠢᠭ ᠨᠥᠬᠦᠪᠥᠷᠢᠯᠡᠨ᠎ᠡ᠃     ᠡᠳ᠋ᠯᠡᠵᠦ ᠪᠣᠯᠬᠤ ᠬᠤᠭᠤᠴᠠᠭ᠎ᠠ᠄ ᠨᠢᠭᠡ ᠯᠡ ᠤᠳᠠᠭ᠎ᠠ ᠶᠢᠨ ᠴᠢᠨᠠᠷᠲᠠᠶ᠃     8. ᠪᠣᠯᠪᠠᠰᠤᠷᠠᠭᠤᠯᠤᠯ ᠤᠨ ᠨᠥᠬᠦᠪᠥᠷᠢ    ᠲᠥᠷᠥ ᠶᠢᠨ ᠪᠣᠳᠣᠯᠭ᠎ᠠ ᠶᠢᠨ ᠠᠭᠤᠯᠭ᠎ᠠ᠄ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠣᠷᠣᠯᠴᠠᠭᠰᠠᠨ ᠪᠠᠶᠢᠪᠠᠯ᠂ ᠪᠣᠯᠪᠠᠰᠤᠷᠠᠭᠤᠯᠤᠯ ᠤᠨ ᠴᠠᠭ ᠢ ᠨᠡᠶᠢᠯᠡᠭᠦᠯᠦᠨ ᠪᠤᠳᠤᠵᠤ᠂ ᠨᠥᠬᠦᠴᠡᠯ ᠳᠤ ᠨᠡᠶᠢᠴᠡᠭᠰᠡᠨ ᠪᠠᠶᠢᠪᠠᠯ ᠲᠣᠭᠲᠠᠭᠠᠯ ᠶᠣᠰᠣᠭᠠᠷ ᠪᠣᠯᠪᠠᠰᠤᠷᠠᠭᠤᠯᠤᠯ ᠤᠨ ᠨᠥᠬᠦᠪᠥᠷᠢ ᠣᠯᠭᠤᠨ᠎ᠠ᠃     ᠲᠥᠷᠥ ᠶᠢᠨ ᠪᠣᠳᠣᠯᠭ᠎ᠠ ᠶᠢᠨ ᠡᠲᠡᠭᠡᠳ᠄ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ     ᠨᠥᠬᠦᠪᠥᠷᠢ ᠶᠢᠨ ᠪᠠᠷᠢᠮᠵᠢᠶ᠎ᠠ᠄ ᠪᠣᠯᠪᠠᠰᠤᠷᠠᠭᠤᠯᠬᠤ ᠠᠵᠢᠯ ᠤᠨ ᠲᠥᠷᠥᠯ ᠤᠨ ᠲᠤᠰᠬᠠᠶ ᠮᠡᠷᠭᠡᠵᠢᠯ ᠪᠠ ᠬᠢᠴᠢᠶᠡᠯ ᠤᠨ ᠴᠠᠭ ᠢ ᠦᠨᠳᠦᠰᠦᠯᠡᠨ ᠲᠣᠭᠲᠠᠭᠠᠯ ᠶᠣᠰᠣᠭᠠᠷ ᠲᠣᠭᠲᠠᠭᠠᠨ᠎ᠠ᠃     9. ᠪᠣᠯᠪᠠᠰᠤᠷᠠᠯ ᠤᠨ ᠬᠤᠭᠤᠴᠠᠭᠠᠨ ᠳᠠᠬᠢ ᠠᠮᠢᠳᠤᠷᠠᠯ ᠤᠨ ᠵᠠᠷᠤᠳᠠᠯ ᠤᠨ ᠨᠥᠬᠦᠪᠥᠷᠢ    ᠲᠥᠷᠥ ᠶᠢᠨ ᠪᠣᠳᠣᠯᠭ᠎ᠠ ᠶᠢᠨ ᠠᠭᠤᠯᠭ᠎ᠠ᠄ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠭᠰᠠᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠳᠤ ᠪᠣᠯᠪᠠᠰᠤᠷᠠᠭᠤᠯᠤᠯ ᠤᠨ ᠬᠤᠭᠤᠴᠠᠭᠠᠨ ᠳᠤ ᠵᠣᠬᠢᠬᠤ ᠬᠡᠮᠵᠢᠶᠡᠨ ᠤ ᠠᠮᠢᠳᠤᠷᠠᠯ ᠤᠨ ᠵᠠᠷᠤᠳᠠᠯ ︵ᠵᠠᠮ ᠬᠠᠷᠢᠯᠴᠠᠭᠠᠨ ᠤ ᠵᠠᠷᠤᠳᠠᠯ ᠪᠠᠭᠲᠠᠨ᠎ᠠ︶ ᠤᠨ ᠨᠥᠬᠦᠪᠥᠷᠢ ᠣᠯᠭᠤᠨ᠎ᠠ᠃      ᠲᠥᠷᠥ ᠶᠢᠨ ᠪᠣᠳᠣᠯᠭ᠎ᠠ ᠶᠢᠨ ᠡᠲᠡᠭᠡᠳ᠄ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ      ᠨᠥᠬᠦᠪᠥᠷᠢ ᠥᠭᠬᠦ ᠪᠠᠷᠢᠮᠵᠢᠶ᠎ᠠ ᠶᠢ ᠣᠷᠣᠨ ᠨᠤᠲᠤᠭ ᠠᠴᠠ ᠲᠣᠭᠲᠠᠭᠠᠨ᠎ᠠ᠃      ᠡᠳ᠋ᠯᠡᠵᠦ ᠪᠣᠯᠬᠤ ᠬᠤᠭᠤᠴᠠᠭ᠎ᠠ᠄ ᠬᠥᠮᠦᠨ ᠪᠦᠷᠢ ᠶᠢᠨ ᠡᠳᠦᠷ ᠲᠤ 100 ᠲᠥᠭᠦᠷᠢᠭ ᠠᠴᠠ ᠥᠯᠥ ᠬᠡᠲᠦᠷᠡᠬᠦ ᠠᠮᠢᠳᠤᠷᠠᠯ ᠤᠨ ᠵᠠᠷᠤᠳᠠᠯ ︵ᠵᠠᠮ ᠬᠠᠷᠢᠯᠴᠠᠭᠠᠨ ᠤ ᠵᠠᠷᠤᠳᠠᠯ ᠪᠠᠭᠲᠠᠨ᠎ᠠ︶ ᠤᠨ ᠨᠥᠬᠦᠪᠥᠷᠢ᠃     10. ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠵᠡᠷᠭᠡ ᠲᠥᠷᠥ ᠶᠢᠨ ᠪᠣᠳᠣᠯᠭ᠎ᠠ     ᠲᠥᠷᠥ ᠶᠢᠨ ᠪᠣᠳᠣᠯᠭ᠎ᠠ ᠶᠢᠨ ᠠᠭᠤᠯᠭ᠎ᠠ᠄ ᠶᠠᠳᠠᠭᠤ ᠠᠴᠠ ᠠᠩᠭᠢᠵᠢᠷᠠᠭᠰᠠᠨ ᠡᠷᠦᠬᠡ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠡᠷ ᠪᠦᠯᠢ ᠶᠢᠨ ︽ᠬᠤᠶᠠᠷ ᠠᠴᠠ ᠬᠤᠴᠣᠷᠣᠨᠨᠰᠠᠨ ᠰᠣᠷᠣᠭᠴᠢ︾ ᠶᠢᠨ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠳᠤ ᠰᠤᠷᠤᠯᠴᠠᠬᠤ ᠶᠢ ᠵᠣᠷᠢᠭᠵᠢᠭᠤᠯᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠪᠠ ᠰᠤᠷᠤᠯᠭ᠎ᠠ ᠶᠢᠨ ᠰᠦᠢᠳᠭᠡᠯ ᠢ ᠭᠡᠯᠳᠦᠷᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠣᠨ᠎ᠠ᠃    ᠲᠥᠷᠥ ᠶᠢᠨ ᠪᠣᠳᠣᠯᠭ᠎ᠠ ᠶᠢᠨ ᠡᠲᠡᠭᠡᠳ᠄ ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠡᠷ ᠪᠦᠯᠢ ᠶᠢᠨ ︽ᠬᠤᠶᠠᠷ ᠠᠴᠠ ᠬᠤᠴᠣᠷᠣᠨᠨᠰᠠᠨ ᠰᠣᠷᠣᠭᠴᠢ︾ ᠪᠣᠯᠤᠨ᠎ᠠ᠃     11. ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ    ᠲᠥᠷᠥ ᠶᠢᠨ ᠪᠣᠳᠣᠯᠭ᠎ᠠ ᠶᠢᠨ ᠠᠭᠤᠯᠭ᠎ᠠ᠄ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠴᠡᠯ ᠳᠤ ᠨᠡᠶᠢᠴᠡᠬᠦ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠬᠥᠳᠡᠭᠡ ᠲᠣᠰᠬᠤᠨ ᠤ ᠵᠠᠮ ᠤᠨ ᠬᠠᠮᠠᠭᠠᠯᠠᠯᠲᠠ ᠂ ᠠᠷᠢᠭᠤᠨ ᠴᠡᠪᠡᠷ ᠢ ᠬᠠᠮᠠᠭᠠᠯᠠᠬᠤ᠂ ᠨᠠᠰᠤᠵᠢᠯ ᠤᠨ ᠠᠰᠠᠷᠠᠮᠵᠢ ᠶᠢᠨ ᠰᠤᠪᠢᠯᠠᠯᠲᠠ ᠵᠡᠷᠭᠡ ᠡᠯ᠎ᠡ ᠲᠥᠷᠥᠯ ᠤᠨ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠠᠷ ᠲᠥᠪᠬᠢᠨᠡᠭᠦᠯᠦᠨ ᠬᠠᠪᠰᠤᠷᠤᠨ ᠲᠡᠳᠬᠦᠵᠦ ᠠᠵᠢᠯ ᠣᠯᠭᠤᠬᠤ ᠶᠢᠨ ᠬᠠᠮᠲᠤ ᠲᠣᠭᠲᠠᠭᠠᠯ ᠶᠣᠰᠣᠭᠠᠷ ᠠᠵᠢᠯ ᠤᠨ ᠪᠠᠶᠢᠷᠢ ᠶᠢᠨ ᠨᠥᠬᠦᠪᠥᠷᠢ ᠣᠯᠭᠤᠨ᠎ᠠ᠃ᠲᠥᠷᠥ ᠶᠢᠨ ᠪᠣᠳᠣᠯᠭ᠎ᠠ ᠶᠢᠨ ᠳ᠋ᠦᠢᠰᠢᠶᠠᠩ᠄ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠳᠤ᠂ ᠠᠵᠢᠯ ᠤᠨ ᠪᠠᠶᠢᠷᠢ ᠶᠢ ᠡᠭᠦᠷᠭᠡᠯᠡᠵᠦ ᠳᠡᠶᠢᠯᠬᠦ ᠴᠢᠳᠠᠪᠤᠷᠢ ᠲᠠᠢ ︽ᠪᠠᠭᠤᠷᠠᠶ ᠬᠥᠳᠡᠯᠮᠦᠷᠢ ᠶᠢᠨ ᠬᠦᠴᠦᠨ᠂ ᠬᠠᠭᠠᠰ ᠬᠥᠳᠡᠯᠮᠦᠷᠢ ᠶᠢᠨ ᠬᠦᠴᠦᠨ︾ ᠢᠶᠠᠷ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠤᠷᠢᠳᠠᠪᠠᠷ ᠲᠥᠪᠬᠢᠨᠡᠭᠦᠯᠦᠨ᠎ᠡ᠃     ᠨᠥᠬᠦᠪᠥᠷᠢ ᠶᠢᠨ ᠪᠠᠷᠢᠮᠵᠢᠶ᠎ᠠ᠄ ᠵᠠᠷᠴᠢᠮ ᠳᠡᠭᠡᠷ᠎ᠡ ᠪᠠᠨ ᠲᠤᠬᠠᠶ ᠶᠢᠨ ᠭᠠᠵᠠᠷ ᠤᠨ ᠬᠤᠲᠠ ᠪᠠᠯᠭᠠᠰᠤ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ ᠠᠴᠠ ᠲᠠᠪᠠᠵᠦ ᠪᠣᠯᠬᠤ ᠦᠭᠡᠢ     ᠡᠳ᠋ᠯᠡᠵᠦ ᠪᠣᠯᠬᠤ ᠬᠤᠭᠤᠴᠠᠭ᠎ᠠ᠄ ᠲᠥᠪᠬᠢᠨᠡᠭᠦᠯᠦᠭᠰᠡᠨ ᠪᠣᠳᠠᠲᠠᠶ ᠵᠢᠯ ᠬᠤᠭᠤᠴᠠᠭ᠎ᠠ ᠶᠢ ᠦᠨᠳᠦᠰᠦᠯᠡᠨ᠎ᠡ᠃     ᠳᠡᠭᠡᠷᠡᠬᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ 2025 ᠣᠨ ᠤ 12 ᠰᠠᠷ᠎ᠠ ᠶᠢᠨ 31 ᠤ ᠡᠳᠣᠷ ᠪᠣᠯᠳᠡᠯ᠎ᠡ ᠬᠢᠵᠠᠭᠠᠷᠯᠠᠨ᠎ᠠ     ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠵᠢᠴᠢ ᠬᠠᠷᠢᠯᠴᠠᠬᠤ ᠠᠷᠭ᠎ᠠ ᠬᠡᠯᠪᠡᠷᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ 5902644               ᠵᠣᠬᠢᠶᠠᠭᠴᠢ᠄ ᠵᠠᠩ ᠰᠢᠶᠤᠤ ᠳ᠋ᠦᠩ            ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠠᠵᠢᠯ ᠣᠯᠭᠤᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号