| | | ᠬᠢᠵᠢᠭ ᠤᠨ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠬᠦ ᠶᠢᠨ ᠲᠥᠯᠥᠭᠡ ᠠᠷᠠᠳ ᠣᠯᠠᠨ ᠤ | ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠵᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠷᠠᠳ ᠤᠨ ᠡᠮᠨᠡᠯᠭᠡ ᠶᠢᠨ ᠬᠤᠷᠢᠶ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠷᠢᠶᠠᠯᠠᠭ᠎ᠠ ᠶᠢ | ᠢᠳᠡᠪᠬᠢᠲᠡᠶ ᠳᠠᠭᠠᠵᠤ᠂ ᠡᠮᠨᠡᠯᠭᠡ ᠶᠢᠨ ᠬᠤᠷᠢᠶᠠᠨ ᠤ ᠤᠳᠤᠷᠢᠳᠤᠯᠭ᠎ᠠ ᠣᠯᠠᠨ ᠤᠳᠠᠭ᠎ᠠ ᠡᠮᠨᠡᠯᠭᠡ ᠶᠢᠨ ᠶᠠᠪᠤᠳᠠᠯ ᠤᠨ | ᠰᠠᠯᠠᠭ᠎ᠠ᠂ ᠰᠤᠪᠢᠯᠠᠯᠲᠠ ᠶᠢᠨ ᠬᠡᠯᠲᠡᠰ᠂ ᠡᠮᠨᠡᠯᠭᠡ ᠶᠢᠨ ᠬᠤᠷᠢᠶᠠᠨ ᠤ ᠰᠡᠷᠡᠯ ᠤᠨ ᠰᠠᠯᠠᠭ᠎ᠠ᠂ ᠰᠢᠯᠭᠠᠨ ᠪᠠᠶᠢᠴᠠᠭᠠᠬᠤ | ᠰᠠᠯᠠᠭ᠎ᠠ᠂ ᠶᠡᠷᠦᠩᠬᠡᠶ ᠶᠠᠪᠤᠳᠠᠯ ᠤᠨ ᠰᠠᠯᠠᠭ᠎ᠠ᠂ ᠠᠷᠤ ᠲᠠᠯ᠎ᠠ ᠶᠢᠨ ᠠᠵᠢᠯ ᠤᠨ ᠳᠤᠭᠤᠶᠢᠯᠠᠩ ᠵᠡᠷᠭᠡ ᠬᠠᠮᠢᠶ᠎ᠠ ᠪᠦᠬᠦᠢ | ᠰᠠᠯᠠᠭ᠎ᠠ ᠲᠠᠰᠤᠭ ᠢ ᠵᠣᠬᠢᠶᠠᠨ ᠪᠠᠶᠢᠭᠤᠯᠵᠤ᠂ ᠲᠡᠷᠡ ᠳᠠᠷᠤᠶ ᠳᠤᠨᠢ ᠠᠵᠢᠯᠲᠠᠨ ᠢ ᠲᠠᠲᠠᠬᠤ᠂ ᠡᠳ᠋ ᠪᠣᠳᠠᠰ ᠤᠨ | ᠪᠡᠯᠡᠳᠬᠡᠯ ᠵᠢᠴᠢ ᠠᠵᠢᠯ ᠢ ᠵᠣᠯᠭᠠᠭᠤᠯᠬᠤ ᠵᠡᠷᠭᠡ ᠲᠠᠯ᠎ᠠ ᠪᠠᠷ ᠨᠠᠷᠢᠨ ᠨᠢᠭᠲᠠ ᠲᠣᠬᠢᠷᠠᠭᠤᠯᠤᠯᠲᠠ ᠪᠠ | ᠪᠠᠶᠢᠷᠢᠯᠠᠭᠤᠯᠤᠯᠲᠠ ᠬᠢᠵᠡᠶ᠃ ᠤᠷᠢᠳ ᠬᠤᠵᠢᠳ ᠨᠡᠶᠢᠲᠡ 90 ᠭᠠᠷᠤᠶ ᠬᠥᠮᠦᠨ ᠢ ᠡᠯ᠎ᠡ ᠨᠡᠶᠢᠭᠡᠮ ᠲᠣᠭᠤᠷᠢᠭ ᠤᠨ | ᠪᠥᠭᠡᠮ ᠬᠦᠴᠢᠯ ᠤᠨ ᠥᠯᠢᠭᠡᠷ ᠠᠪᠬᠤ ᠴᠡᠭ ᠲᠤ ᠣᠴᠢᠭᠤᠯᠤᠨ ᠥᠯᠢᠭᠡᠷ ᠠᠪᠬᠤ ᠡᠭᠦᠷᠭᠡ ᠶᠢ ᠭᠦᠢᠴᠡᠳᠭᠡᠵᠦ᠂ | ᠳᠤᠮᠳᠠᠳᠤ ᠬᠤᠰᠢᠭᠤᠨ ᠤ ᠪᠥᠬᠦ ᠠᠷᠠᠳ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠠᠴᠢᠮ ᠪᠠᠶᠢᠳᠠᠯ ᠢ | ᠠᠷᠭᠠᠴᠠᠬᠤ ᠰᠣᠷᠢᠯᠲᠠ ᠳᠤ ᠬᠦᠴᠦᠨ ᠨᠡᠮᠡᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠪᠡ᠃ | | | | | ᠦᠯᠢᠭᠡᠷ ᠠᠪᠬᠤ ᠭᠠᠵᠠᠷ ᠲᠤ ᠬᠦᠷᠦᠭᠰᠡᠨ ᠤ ᠳᠠᠷᠠᠭ᠎ᠠ᠂ ᠦᠯᠢᠭᠡᠷ ᠠᠪᠬᠤ ᠠᠵᠢᠯᠲᠠᠨ ᠲᠡᠷᠡ ᠳᠠᠷᠤᠶ ᠳᠤᠨᠢ | ᠵᠢᠷᠤᠮᠵᠢᠯ ᠶᠣᠰᠣᠭᠠᠷ ᠬᠠᠮᠠᠭᠠᠯᠠᠯᠲᠠ ᠶᠢᠨ ᠬᠡᠷᠡᠭᠰᠡᠯ ᠢ ᠡᠮᠦᠰᠴᠦ ᠵᠡᠭᠦᠵᠦ᠂ ᠪᠠᠴᠢᠮ ᠪᠥᠭᠡᠳ ᠡᠮᠬᠢ ᠵᠢᠷᠤᠮ ᠲᠠᠢ᠂ | ᠲᠦᠷᠭᠡᠨ ᠢᠶᠠᠷ ᠠᠵᠢᠯ ᠳᠠᠭᠠᠨ ᠣᠷᠣᠯᠴᠠᠵᠠᠢ᠃ ᠦᠯᠢᠭᠡᠷ ᠠᠪᠬᠤ ᠬᠥᠮᠦᠰ ᠤᠨ ᠮᠦᠷᠡᠯᠡᠵᠦ ᠪᠠᠶᠢᠭ᠎ᠠ ᠣᠷᠳᠣ ᠡᠩᠨᠡᠭᠡ | ᠂ ᠬᠦᠰᠡᠨ ᠮᠥᠷᠥᠭᠡᠳᠴᠦ ᠪᠠᠶᠢᠭ᠎ᠠ ᠬᠠᠷᠠᠴᠠ ᠶᠢᠨ ᠡᠮᠦᠨ᠎ᠡ᠂ ᠦᠯᠢᠭᠡᠷ ᠠᠪᠬᠤ ᠬᠥᠮᠦᠰ ᠳᠡᠭᠡᠳᠦ ᠬᠡᠮᠵᠢᠶᠡᠨ ᠤ | ᠬᠠᠷᠢᠭᠤᠴᠠᠯᠭᠠᠲᠤ ᠰᠡᠳᠬᠢᠯᠭᠡ ᠪᠠᠷ ᠦᠯᠢᠭᠡᠷ ᠠᠪᠬᠤ ᠠᠵᠢᠯ ᠢ ᠬᠢᠵᠦ᠂ ᠡᠳᠡᠭᠡᠷ ᠠᠵᠢᠯᠯᠠᠭ᠎ᠠ ᠶᠢ ᠴᠥᠮ ᠮᠢᠩᠭ᠎ᠠ | ᠲᠦᠮᠡᠨ ᠤᠳᠠᠭ᠎ᠠ ᠬᠢᠭᠰᠡᠨ ᠪᠠᠶᠢᠨ᠎ᠠ᠃ | | | | | ᠠᠭᠠᠭᠢᠮ᠎ᠠ ᠬᠠᠯᠠᠭᠤᠨ ᠳᠤ ᠬᠡᠳᠦᠨ ᠴᠠᠭ ᠳᠠᠷᠠᠭᠠᠯᠠᠨ ᠦᠯᠢᠭᠡᠷ ᠠᠪᠴᠤ᠂ ᠲᠡᠳᠡᠨ ᠤ ᠬᠠᠮᠠᠭᠠᠯᠠᠯᠲᠠ ᠶᠢᠨ | ᠬᠤᠪᠴᠠᠰᠤ ᠬᠤᠨᠠᠷ ᠨᠢ ᠠᠯᠢ ᠬᠡᠳᠦ᠋ᠢᠨ ᠬᠥᠯᠥᠰᠥᠨ ᠳᠤ ᠳᠡᠪᠲᠦᠵᠡᠶ᠃ ᠭᠡᠪᠡᠴᠦ ᠠᠷᠠᠳ ᠣᠯᠠᠨ ᠤ ᠠᠮᠢ ᠨᠠᠰᠤ | ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ ᠥᠷᠭᠡᠨ ᠣᠯᠠᠨ ᠡᠮᠨᠡᠯᠭᠡ ᠶᠢᠨ ᠠᠵᠢᠯᠲᠠᠳ ᠬᠦᠴᠢᠷ | ᠪᠡᠷᠬᠡᠰᠢᠶᠡᠯ ᠠᠴᠠ ᠡᠮᠢᠶᠡᠯ ᠦᠭᠡᠶ ᠪᠠᠷ ᠠᠵᠢᠯᠯᠠᠭᠠᠨ ᠤ ᠳᠦᠷᠢᠮᠵᠢᠯ ᠪᠠ ᠠᠯᠬᠤᠮ ᠳᠠᠷᠠᠭ᠎ᠠ ᠶᠢ ᠴᠢᠩᠭ᠎ᠠ ᠵᠢᠷᠤᠮᠯᠠᠨ | ᠪᠥᠭᠡᠮ ᠬᠦᠴᠢᠯ ᠤᠨ ᠦᠯᠢᠭᠡᠷ ᠠᠪᠬᠤ ᠠᠵᠢᠯ ᠢ ᠰᠠᠶᠢᠲᠤᠷ ᠬᠢᠵᠦ᠂ ᠨᠢᠭᠡ ᠴᠦ ᠬᠥᠮᠦᠨ ᠤᠬᠤᠷᠢᠭᠰᠠᠨ ᠦᠭᠡᠶ᠂ | ᠨᠡᠩ ᠴᠤ ᠨᠢᠭᠡ ᠴᠦ ᠬᠥᠮᠦᠨ ᠶᠠᠳᠠᠷᠠᠵᠠᠢ ᠭᠡᠵᠦ ᠬᠡᠯᠡᠭᠰᠡᠨ ᠦᠭᠡᠢ᠂ ᠬᠠᠲᠠᠭᠤ ᠵᠣᠷᠢᠭ ᠪᠠ ᠥᠴᠦᠬᠡᠨ ᠴᠦ | ᠣᠰᠣᠯᠳᠠᠬᠤ ᠦᠭᠡᠶ ᠠᠵᠢᠯ ᠤᠨ ᠣᠪᠣᠷ ᠢᠶᠠᠷ ᠪᠥᠭᠡᠮ ᠬᠦᠴᠢᠯ ᠤᠨ ᠦᠯᠢᠭᠡᠷ ᠠᠪᠬᠤ ᠠᠵᠢᠯ ᠢ ᠲᠡᠭᠦᠰ | ᠠᠮᠵᠢᠯᠲᠠ ᠲᠠᠢ ᠪᠠᠷ ᠪᠡᠶᠡᠯᠡᠭᠦᠯᠦᠭᠰᠡᠨ ᠪᠠᠶᠢᠨ᠎ᠠ᠃ | | | | | | ᠵᠢᠷᠤᠭ ᠰᠡᠬᠦᠳᠡᠷ᠄ ᠯᠢ ᠵᠢᠶᠧ | ᠵᠣᠬᠢᠶ᠋ᠬᠠᠴᠢ᠄ ᠴᠠᠩ ᠷᠦᠨ ᠰᠢᠶᠠ | ᠣᠷᠴᠢᠭᠤᠯᠣᠨᠨᠴᠢ᠄ ᠭᠧ ᠲᠣᠸᠠᠨ ᠯᠢᠶᠡᠨ | | | | |